ᠷᠦᠩ ᠵᠢᠢ  ᠭᠤᠯᠢᠷ ᠤᠨ ᠣᠬᠢ ᠶᠢᠨ ᠳᠥᠴᠢᠨ ᠵᠢᠯ
ᠨᠡᠶᠢᠲᠡᠯᠡᠭᠰᠡᠨ ᠴᠠᠭ᠄
2023/4/19
      ᠡᠨᠡ ᠶᠢᠷᠲᠢᠨᠴᠦ ᠮᠠᠰᠢ ᠭᠠᠶᠢᠬᠠᠮᠰᠢᠭᠲᠠᠢ᠂ ᠵᠠᠷᠢᠮ ᠬᠥᠮᠥᠨ ᠶᠡᠭᠡ ᠶᠠᠪᠤᠳᠠᠯ ᠢ ᠬᠢᠬᠦ ᠲᠤᠰᠤᠮ ᠢᠶᠠᠨ ᠪᠠᠭ᠎ᠠ ᠪᠣᠯᠭᠠᠵᠤ᠂ ᠵᠠᠷᠢᠮ ᠬᠥᠮᠥᠨ ᠪᠠᠭ᠎ᠠ ᠶᠠᠪᠤᠳᠠᠯ ᠢ ᠬᠢᠬᠦ ᠲᠤᠰᠤᠮ ᠢᠶᠠᠨ ᠶᠡᠭᠡ ᠪᠣᠯᠭᠠᠳᠠᠭ᠂ ᠵᠢᠱᠢᠶᠡᠯᠡᠪᠡᠯ ᠸᠠᠩ ᠷᠦᠩ ᠵᠢᠢ᠃ ᠸᠠᠩ ᠷᠦᠩ ᠵᠢᠢ ᠱᠠᠮᠪᠠ ᠶᠢᠨ ᠵᠡᠭᠡᠯᠢ ᠳᠤ 40 ᠵᠢᠯ‌ᠭᠤᠯᠢᠷ ᠤᠨ ᠣᠬᠢ ᠬᠢᠵᠦ᠂ ᠵᠢᠳᠬᠦᠭᠦᠷ ᠲᠡᠷᠭᠡ ᠠᠴᠠ ᠡᠭᠦᠳᠡᠨ ᠳᠡᠯᠭᠡᠭᠦᠷ ᠲᠦᠷᠢᠶᠡᠰᠦᠯᠡᠬᠦ ᠬᠦᠷᠲᠡᠯ᠎ᠡ᠂ ᠲᠠᠬᠢᠭᠠᠳ 1000 ᠭᠠᠷᠤᠢ ᠲᠡᠭᠰᠢ ᠳᠥᠷᠪᠡᠯᠵᠢᠨ  ᠮᠧᠲᠷ ᠤᠨ ᠦᠢᠯᠡᠳᠪᠦᠷᠢ ᠶᠢᠨ ᠭᠡᠷ ᠲᠠᠢ ᠭᠤᠯᠢᠷ ᠤᠨ ᠣᠬᠢ ᠶᠢᠨ ᠺᠣᠮᠫᠠᠨᠢ ᠳᠤ ᠬᠦᠷᠴᠡᠢ︔ ᠭᠠᠷ ᠢᠶᠠᠷ ᠦᠢᠯᠡᠳᠬᠦ ᠠᠴᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠬᠦᠷᠲᠡᠯ᠎ᠡ᠂ ᠲᠠᠬᠢᠭᠠᠳ ᠨᠢᠭᠡ ᠡᠳᠦᠷ ᠬᠡᠳᠦᠨ ᠠᠷᠪᠠᠨ ᠠᠶᠠᠭ᠎ᠠ ᠬᠤᠳᠠᠯᠳᠤᠬᠤ ᠠᠴᠠ ᠨᠢᠭᠡ ᠡᠳᠦᠷ 1000 ᠭᠠᠷᠤᠢ ᠠᠶᠠᠭ᠎ᠠ ᠬᠤᠳᠠᠯᠳᠤᠬᠤ ᠬᠦᠷᠲᠡᠯ᠎ᠡ᠂ ᠲᠡᠭᠦᠨ ᠤ 40 ᠵᠢᠯ ᠳᠤ ᠬᠡᠴᠢᠨᠡᠨ ᠤᠯᠠᠨ ᠬᠦᠴᠢᠷ ᠪᠡᠷᠬᠡᠰᠢᠶᠡᠯ ᠢ ᠲᠤᠭᠤᠯᠤᠭᠰᠠᠨ᠂ ᠬᠡᠴᠢᠨᠡᠨ ᠤᠯᠠᠨ ᠫᠢᠯᠠ ᠠᠶᠠᠭ᠎ᠠ  ᠰᠣᠯᠢᠵᠤ ᠥᠩᠭᠡᠷᠡᠭᠰᠡᠨ ᠢ ᠬᠡᠨ ᠴᠦ ᠮᠡᠳᠡᠬᠦ ᠦᠭᠡᠢ᠂ ᠷᠦᠩ ᠵᠢᠢ ᠭᠤᠯᠢᠷ ᠤᠨ ᠣᠬᠢ ᠪᠣᠯ  ᠱᠠᠮᠪᠠ ᠶᠢᠨ ᠦᠨᠦᠷ ᠠᠮᠲᠠ ᠶᠢᠨ ᠨᠢᠭᠡ ᠶᠡᠭᠡ ᠬᠢᠯᠠᠰ ᠴᠡᠭ ᠪᠣᠯᠬᠤ ᠶᠢ ᠮᠡᠳᠡᠭᠡᠳ ᠨᠡᠷ᠎ᠡ ᠠᠯᠳᠠᠷ ᠨᠢ ᠤᠯᠠᠮ ᠠᠴᠠ ᠤᠯᠠᠮ ᠶᠡᠬᠡᠳᠴᠡᠢ᠃      2013 ᠣᠨ ᠳᠤ᠂ ᠱᠠᠮᠪᠠ ᠪᠠᠯᠭᠠᠰᠤ ᠴᠦᠨ ᠭᠤᠸᠠᠩ ᠲᠣᠰᠬᠤᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ᠂ ᠸᠠᠩ ᠷᠦᠩ ᠵᠢᠢ ᠡᠨᠡᠬᠦ ᠲᠣᠬᠢᠶᠠᠯ ᠢ ᠠᠮᠵᠢᠵᠤ᠂ ᠬᠡᠳᠦᠨ ᠮᠦ ᠭᠠᠵᠠᠷ ᠬᠤᠳᠠᠯᠳᠤᠨ ᠠᠪᠴᠤ᠂ ᠤᠷᠢᠳ ᠬᠤᠵᠢᠳ 100 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ 1000 ᠲᠡᠭᠰᠢ ᠳᠥᠷᠪᠡᠯᠵᠢᠨ  ᠮᠧᠲᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠲᠠᠰᠤᠭ ᠪᠠᠶᠢᠭᠤᠯᠵᠤ᠂ ᠲᠤᠨᠤᠭ ᠲᠥᠬᠦᠭᠡᠷᠦᠮᠵᠢ ᠬᠤᠳᠠᠯᠳᠤᠨ ᠠᠪᠴᠤ᠂ ᠺᠣᠮᠫᠠᠨᠢ ᠪᠠᠨ ᠳᠠᠩᠰᠠᠯᠠᠭᠤᠯᠵᠠᠢ᠃ ᠡᠨᠡᠬᠦ ᠠᠵᠢᠯᠯᠠᠭ᠎ᠠ ᠨᠢ ᠲᠡᠭᠦᠨ ᠤ ᠥᠪᠡᠷ ᠤᠨ ᠬᠢᠨᠢ ᠬᠦᠰᠡᠯ ᠵᠡᠭᠦᠳᠦ ᠶᠢ ᠲᠡᠷᠭᠡᠯᠰᠢᠭᠦᠯᠦᠭᠰᠡᠨ ᠢᠶᠠᠷ ᠪᠠᠷᠠᠬᠤ ᠦᠭᠡᠢ ᠪᠠᠰᠠ ᠱᠠᠮᠪᠠ ᠶᠢᠨ ᠥᠪᠡᠷᠮᠢᠴᠡ ᠣᠨᠴᠠᠯᠢᠭ ᠲᠠᠢ ᠵᠢᠵᠢᠭ ᠢᠳᠡᠭᠡᠨ ᠢ ᠡᠳ᠋ᠰᠢᠭᠦᠯᠬᠦ ᠳᠤ ᠨᠢᠭᠡᠨ ᠳᠠᠪᠠᠯᠲᠠ ᠶᠢ ᠠᠪᠴᠢᠷᠠᠭᠰᠠᠨ ᠪᠠᠶᠢᠨ᠎ᠠ᠃      ᠱᠠᠮᠪᠠ ᠶᠢᠨ ᠦᠨᠦᠷ ᠠᠮᠲᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠶᠢ ᠳᠠᠭᠠᠯᠳᠤᠨ᠂ ᠱᠠᠮᠪᠠ ᠶᠢᠨ  ᠭᠤᠯᠢᠷ ᠤᠨ ᠣᠬᠢ ᠨᠢ ᠪᠥᠬᠦ ᠤᠯᠤᠰ ᠲᠤ ᠠᠯᠳᠠᠷᠰᠢᠪᠠ᠃ ᠪᠣᠷᠣᠳᠣᠬᠤᠢ ᠠᠴᠠ ᠭᠠᠳᠠᠨᠠᠬᠢ ᠵᠠᠬ᠎ᠠ ᠳᠡᠯᠭᠡᠭᠦᠷ ᠤᠨ ᠬᠡᠷᠡᠭᠴᠡᠭᠡ ᠶᠡᠬᠡᠲᠡᠢ ᠪᠠᠶᠢᠵᠤ᠂ ᠷᠦᠩ ᠵᠢᠢ ᠭᠤᠯᠢᠷ ᠤᠨ ᠣᠬᠢ ᠨᠢ ᠰᠢᠭᠤᠳ ᠨᠡᠪᠲᠡᠷᠡᠭᠦᠯᠬᠦ ᠪᠠᠷ ᠲᠤᠷᠰᠢᠵᠤ᠂ ᠭᠠᠳᠠᠨ᠎ᠠ ᠣᠷᠣᠨ ᠤ ᠬᠥᠮᠥᠰ ᠤᠨ ᠬᠤᠳᠠᠯᠳᠤᠨ ᠠᠪᠬᠤ ᠪᠠᠷ ᠭᠤᠶᠤᠴᠢᠯᠠᠬᠤ ᠤᠲᠠᠰᠤ ᠲᠠᠰᠤᠷᠠᠭ᠎ᠠ ᠦᠭᠡᠢ ᠪᠠᠶᠢᠪᠠ᠃ ᠭᠡᠪᠡᠴᠦ ᠸᠠᠩ ᠷᠦᠩ ᠵᠢᠢ ᠰᠢᠭᠤᠳ ᠨᠡᠪᠲᠡᠷᠡᠭᠦᠯᠭᠡ ᠪᠠᠨ ᠵᠣᠭᠰᠣᠭᠠᠵᠠᠢ᠂ ᠤᠴᠢᠷ ᠨᠢ ᠭᠤᠯᠢᠷ ᠤᠨ ᠣᠬᠢ ᠳᠤ ᠰᠢᠨ᠎ᠡ ᠰᠣᠷᠭᠤᠭ ᠪᠠᠶᠢᠯᠭᠠᠬᠤ ᠱᠠᠭᠠᠷᠳᠠᠯᠭ᠎ᠠ ᠮᠠᠰᠢ ᠥᠨᠳᠥᠷ᠂ ᠷᠦᠩ ᠵᠢᠢ ᠭᠤᠯᠢᠷ ᠤᠨ ᠣᠬᠢ ᠶᠢᠨ ᠰᠢᠨ᠎ᠡ ᠰᠣᠷᠭᠤᠭ ᠪᠠᠶᠢᠯᠭᠠᠬᠤ ᠬᠤᠭᠤᠴᠠᠭ᠎ᠠ ᠨᠢ 3 ᠡᠳᠦᠷ ᠪᠠᠶᠢᠵᠤ᠂ ᠠᠰᠠᠭᠤᠳᠠᠯ ᠭᠠᠷᠪᠠᠯ ᠷᠦᠩ ᠵᠢᠢ ᠭᠤᠯᠢᠷ ᠤᠨ ᠣᠬᠢ ᠶᠢᠨ ᠫᠠᠶᠢᠰᠠ ᠶᠢ ᠪᠠᠯᠪᠠᠴᠢᠭᠰᠠᠨ ᠢᠶᠠᠷ ᠪᠠᠷᠠᠬᠤ ᠦᠭᠡᠢ᠂ ᠪᠣᠷᠣᠳᠣᠬᠤᠢ ᠶᠢᠨ ᠠᠮᠲᠠᠲᠤ ᠢᠳᠡᠭᠡᠨ ᠤ ᠫᠠᠶᠢᠰᠠ ᠶᠢ ᠴᠤ ᠪᠠᠯᠪᠠᠴᠢᠭᠰᠠᠨ ᠪᠠᠶᠢᠨ᠎ᠠ᠃ ᠷᠦᠩ ᠵᠢᠢ ᠭᠤᠯᠢᠷ ᠤᠨ ᠣᠬᠢ ᠶᠢᠨ ᠲᠥᠯᠥᠪᠯᠡᠭᠡ ᠎ ᠪᠠᠷ ᠦᠢᠯᠡᠳᠪᠦᠷᠢᠯᠡᠯ ᠤᠨ ᠴᠢᠳᠠᠪᠤᠷᠢ ᠨᠢ ᠡᠳᠦᠷ ᠲᠤ 15000 ᠬᠤᠪᠢ ᠪᠠᠶᠢᠵᠤ᠂ ᠣᠳᠣᠬᠠᠨ ᠳᠤ ᠵᠥᠪᠬᠡᠨ 1000 ᠬᠤᠪᠢ ᠦᠢᠯᠡᠳᠪᠦᠷᠢᠯᠡᠵᠦ᠂ ᠵᠥᠪᠬᠡᠨ ᠯᠢᠨ ᠾᠧ᠂  ᠱᠠᠮᠪᠠ᠂ ᠳ᠋ᠧᠩᠺᠸᠦ ᠵᠡᠷᠭᠡ ᠭᠠᠵᠠᠷ ᠲᠤ ᠪᠣᠷᠣᠯᠠᠭᠤᠯᠬᠤ ᠪᠠᠷ ᠬᠢᠵᠠᠭᠠᠷᠯᠠᠵᠤ ᠪᠣᠶ᠃      2022 ᠣᠨ ᠳᠤ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ  ᠲᠤᠩᠬᠠᠭ ᠨᠡᠶᠢᠲᠡᠯᠡᠵᠦ ᠮᠠᠩᠯᠠᠶᠢᠯᠠᠭᠤᠯᠬᠤ ᠠᠵᠢᠯᠯᠠᠭ᠎ᠠ ᠥᠷᠨᠢᠭᠦᠯᠵᠦ᠂ ᠷᠦᠩ ᠵᠢᠢ ᠭᠤᠯᠢᠷ ᠤᠨ ᠣᠬᠢ ᠶᠢᠨ ᠲᠤᠰᠬᠠᠭᠰᠠᠨ ᠰᠢᠨ᠎ᠡ ᠰᠣᠷᠭᠤᠭ ᠪᠠᠶᠢᠯᠭᠠᠬᠤ ᠬᠡᠷᠡᠭᠴᠡᠭᠡ ᠶᠢ ᠦᠨᠳᠦᠰᠦᠯᠡᠨ ᠲᠤᠩᠬᠠᠭ ᠤᠨ ᠵᠢᠭᠰᠠᠭᠠᠯᠲᠠ ᠶᠢ ᠨᠡᠶᠢᠲᠡᠯᠡᠪᠡ᠃ ᠲᠤᠩᠬᠠᠭ ᠲᠤ ᠨᠡᠶᠢᠲᠡᠯᠡᠭᠰᠡᠨ ᠵᠢᠶᠠᠩᠨᠠᠨ ᠶᠡᠭᠡ ᠰᠤᠷᠭᠠᠭᠤᠯᠢ ᠎ ᠨᠢ ᠢᠳᠡᠭᠡᠨ ᠤ ᠵᠦᠢᠯ ᠤᠨ ᠰᠤᠳᠤᠯᠭᠠᠨ ᠤ ᠮᠡᠷᠭᠡᠵᠢᠯ ᠤᠨ ᠪᠣᠯᠪᠠᠰᠤᠷᠠᠩᠭᠤᠢ ᠦᠷ᠎ᠡ ᠪᠦᠲᠦᠭᠡᠯ ᠲᠠᠢ ᠪᠠᠶᠢᠵᠤ᠂ ᠰᠢᠨᠵᠢᠯᠡᠨ ᠪᠠᠶᠢᠴᠠᠭᠠᠭᠰᠠᠨ ᠤ ᠳᠠᠷᠠᠭ᠎ᠠ ᠬᠤᠶᠠᠷ ᠲᠠᠯ᠎ᠠ ᠪᠠᠷ ᠢᠶᠠᠨ ᠬᠡᠯᠡᠯᠴᠡᠭᠡᠷ ᠲᠣᠭᠲᠠᠭᠰᠠᠨ ᠪᠠᠶᠢᠨ᠎ᠠ᠃ ᠡᠨᠡ ᠬᠦ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠤ ᠳᠠᠷᠠᠭ᠎ᠠ᠂ ᠭᠤᠯᠢᠷ ᠤᠨ ᠣᠬᠢ  ᠶᠢᠨ ᠰᠣᠷᠭᠤᠭ ᠪᠠᠶᠢᠯᠭᠠᠬᠤ ᠬᠤᠭᠤᠴᠠᠭ᠎ᠠ ᠶᠢ ᠤᠷᠲᠤᠳᠬᠠᠬᠤ ᠨᠢ ᠤᠳᠠᠯ ᠦᠭᠡᠢ ᠶᠤᠮ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ