ᠪᠣᠬᠢᠷᠲᠤᠯ ᠦᠭᠡᠢ ᠤᠨᠤᠬᠤ ᠠᠵᠢᠯᠯᠠᠭ᠎ᠠ
ᠨᠡᠶᠢᠲᠡᠯᠡᠭᠰᠡᠨ ᠴᠠᠭ᠄
2023/4/19
      4 ᠰᠠᠷ᠎ᠠ ᠶᠢᠨ 8 ᠎ ᠤ ᠡᠳᠦᠷ᠂ ︽ᠬᠠᠪᠤᠷ ᠤᠨ ᠤᠷᠢᠨ ᠳᠤᠯᠠᠭᠠᠨ ᠴᠡᠴᠡᠭ ᠳᠡᠯᠭᠡᠷᠡᠨ ᠳᠣᠭᠳᠣᠯᠤᠭᠰᠠᠨ ᠰᠡᠳᠬᠢᠯᠭᠡ ᠪᠠᠷ ᠠᠶᠠᠯᠠᠯ ᠢᠶᠠᠨ ᠡᠬᠢᠯᠡᠭᠦᠯᠬᠦ︾ ᠵᠢᠴᠢ 2023 ᠣᠨ ᠤ ᠪᠠᠶᠠᠨᠨᠠᠭᠤᠷ ᠬᠤᠳᠠ ᠶᠢᠨ ᠠᠩᠬᠠᠳᠤᠭᠠᠷ ᠬᠤᠭᠤᠴᠠᠭᠠᠨ ᠤ ᠳᠤᠭᠤᠢ ᠲᠡᠷᠭᠡ  ᠲᠠᠰᠤᠯᠳᠠᠭ᠎ᠠ ᠦᠭᠡᠢ ᠤᠨᠤᠬᠤ ᠠᠵᠢᠯᠯᠠᠭ᠎ᠠ ᠬᠤᠳᠠ ᠶᠢᠨ ᠵᠠᠰᠠᠭ ᠤᠨ ᠣᠷᠳᠣᠨ ᠤ ᠠᠭᠤᠳᠠᠮ ᠲᠠᠯᠠᠪᠠᠢ ᠳᠤ ᠶᠠᠪᠤᠭᠳᠠᠵᠤ᠂ 463 ᠳᠤᠭᠤᠢ ᠤᠨᠤᠬᠤ ᠳᠤᠷᠠᠲᠠᠢ ᠬᠥᠮᠥᠰ ᠣᠷᠣᠯᠴᠠᠵᠠᠢ᠃      ᠲᠣᠰ ᠤᠳᠠᠭᠠᠨ ᠤ ᠠᠵᠢᠯᠯᠠᠭ᠎ᠠ ᠳᠤ  ᠳᠤᠭᠤᠢ ᠲᠡᠷᠭᠡ ᠤᠨᠤᠬᠤ ᠠᠩᠭᠢ ᠪᠠᠷ ᠨᠢᠭᠡᠴᠢ ᠪᠣᠯᠭᠠᠨ᠂ 40 ᠺᠢᠯᠣᠮᠧᠲᠷ᠂ 60 ᠺᠢᠯᠣᠮᠧᠲᠷ᠂ 100 ᠺᠢᠯᠣᠮᠧᠲᠷ ᠭᠤᠷᠪᠠᠨ ᠳᠤᠭᠤᠶᠢᠯᠠᠩ ᠬᠤᠪᠢᠶᠠᠵᠤ᠂ ᠬᠤᠲᠠ ᠶᠢᠨ ᠵᠠᠰᠠᠭ ᠤᠨ ᠣᠷᠳᠣᠨ ᠤ ᠠᠭᠤᠳᠠᠮ ᠲᠠᠯᠠᠪᠠᠶ ᠠᠴᠠ ᠮᠣᠷᠳᠠᠵᠤ᠂ ᠵᠢᠨᠴᠤᠸᠠᠨ ᠶᠡᠭᠡ ᠵᠠᠮ ᠢ ᠳᠠᠭᠠᠵᠤ ᠬᠠᠲᠤᠨ ᠭᠤᠣᠯ ᠳᠠᠭᠠᠤ ᠶᠢᠨ ᠵᠠᠰᠠᠮᠠᠯ ᠵᠠᠮ ᠬᠦᠷᠲᠡᠯ᠎ᠡ᠂ ᠬᠠᠲᠤᠨ ᠭᠤᠣᠯ ᠳᠠᠭᠠᠤ ᠶᠢᠨ ᠵᠠᠰᠠᠮᠠᠯ ᠵᠠᠮ ᠳᠠᠭᠠᠤ ᠶᠢᠨ 58 ᠺᠢᠯᠣᠮᠧᠲᠷ᠂ 77 ᠺᠢᠯᠣᠮᠧᠲᠷ ᠵᠠᠶᠢᠲᠠᠢ ᠭᠠᠵᠠᠷ ᠲᠤ ᠲᠠᠰᠤᠯᠳᠠᠭ᠎ᠠ ᠦᠭᠡᠢ ᠳᠤᠭᠤᠢ ᠤᠨᠤᠨ᠎ᠠ᠃
1681089686157016787.jpg
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ