ᠲᠤᠭᠤᠷ ᠤᠨ ᠮᠣᠳᠣᠨ ᠤ ᠳᠣᠣᠷᠠᠬᠢ ᠤᠯᠤᠰ ᠤᠨ ᠰᠤᠷᠭᠠᠯ
ᠨᠡᠶᠢᠲᠡᠯᠡᠭᠰᠡᠨ ᠴᠠᠭ᠄
2023/4/19
     3 ᠰᠠᠷ᠎ᠠ ᠶᠢᠨ 31᠎ ᠤ ᠡᠳᠦᠷ᠂ ᠯᠢᠨ ᠾᠧ ᠬᠤᠶᠠᠳᠤᠭᠠᠷ ᠪᠠᠭ᠎ᠠ ᠰᠤᠷᠭᠠᠭᠤᠯᠢ ᠶᠢᠨ  ᠲᠠᠪᠤᠳᠤᠭᠠᠷ ᠣᠨ ᠤ 300 ᠭᠠᠷᠤᠢ ᠪᠠᠭᠰᠢ ᠰᠤᠷᠤᠭᠴᠢᠳ ᠬᠢᠲᠠᠳ ᠬᠤᠪᠴᠠᠰᠤ ᠡᠮᠦᠰᠴᠦ᠂ ᠭᠠᠷ ᠲᠠᠭᠠᠨ ᠪᠢᠴᠢᠭ ᠪᠠᠷᠢᠵᠤ᠂ ᠶᠠᠲᠤᠭ᠎ᠠ ᠪᠠᠷ ᠬᠠᠨᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠲᠤᠭᠤᠷ ᠤᠨ ᠮᠣᠳᠣᠨ ᠤ ᠳᠣᠣᠷ᠎ᠠ ᠪᠣᠯᠵᠣᠵᠤ᠂ ︽ᠪᠠᠰᠠ ᠨᠢᠭᠡ ᠵᠢᠯ ᠤᠨ ᠲᠤᠭᠤᠷ ᠤᠨ ᠴᠡᠴᠡᠭ ᠤᠯᠠᠭᠠᠨ ᠪᠣᠯᠣᠭᠠᠳ ᠲᠠᠬᠢᠨ ᠰᠢᠯᠦᠭ ᠤᠶᠠᠩᠭ᠎ᠠ ᠶᠢᠨ ᠰᠡᠳᠬᠢᠯᠭᠡ ᠶᠢ ᠬᠠᠪᠤᠷ ᠤᠨ ᠤᠯᠠᠷᠢᠯ ᠳᠤ ᠬᠦᠷᠭᠡᠶ᠎ᠡ︾ ᠭᠡᠬᠦ ᠭᠤᠣᠯ ᠰᠡᠳᠦᠪ ᠢᠶᠠᠷ ᠴᠡᠴᠡᠭ ᠤᠶᠠᠩᠭᠠᠯᠠᠬᠤ᠂ ᠬᠠᠪᠤᠷ ᠢ ᠬᠠᠶᠢᠷᠠᠯᠠᠬᠤ᠂ ᠲᠦᠷᠦ  ᠭᠦᠷᠦᠨ ᠢ ᠬᠠᠶᠢᠷᠠᠯᠠᠬᠤ ᠵᠡᠷᠭᠡ 6 ᠪᠦᠯᠦᠭ ᠢ ᠪᠠᠭᠲᠠᠭᠠᠭᠰᠠᠨ ᠳᠤᠮᠳᠠᠳᠤ ᠶᠢᠨ ᠰᠣᠩᠭᠤᠳᠠᠭ ᠤᠯᠤᠰ ᠤᠨ ᠰᠤᠷᠭᠠᠯ ᠢ ᠤᠩᠰᠢᠪᠠ᠃      ᠲᠠᠨᠢᠯᠴᠠᠭᠤᠯᠤᠭᠰᠠᠨ ᠢᠶᠠᠷ᠂ ᠵᠢᠯ ᠪᠦᠷᠢ ᠰᠤᠷᠭᠠᠭᠤᠯᠢ ᠶᠢᠨ ᠮᠣᠳᠣᠨ ᠤ ᠠᠭᠤᠯᠠᠨ ᠳᠠᠬᠢ ᠲᠤᠭᠤᠷ ᠤᠨ ᠮᠣᠳᠣ ᠪᠠᠳᠠᠷᠠᠨ ᠳᠡᠯᠭᠡᠷᠡᠬᠦ ᠦᠶ᠎ᠡ ᠳᠤ᠂ ᠲᠣᠰ ᠰᠤᠷᠭᠠᠭᠤᠯᠢ ᠨᠢ ᠴᠥᠮ ᠲᠤᠭᠤᠷ ᠤᠨ ᠮᠣᠳᠣᠨ ᠤ ᠳᠣᠣᠷ᠎ᠠ ᠰᠣᠩᠭᠤᠳᠠᠭ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ ᠤᠯᠤᠰ ᠤᠨ ᠰᠤᠷᠭᠠᠭᠤᠯᠢ ᠰᠤᠷᠤᠯᠴᠠᠭᠤᠯᠵᠤ᠂ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠳᠡᠭ᠃
1680571750112016488.jpg
 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ