ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ | ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ | ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠤᠭᠰᠠᠨ ᠰᠠᠭᠤᠷᠢᠨ ᠳᠡᠭᠡᠷ᠎ᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠰᠢᠯᠢᠳᠡᠭ ᠢᠶᠠᠷ ᠤᠷᠤᠭᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ | ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ | ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠦᠨᠡᠨ ᠬᠦ ᠪᠠᠲᠤᠯᠠᠬᠤ ᠳᠤ | ᠳᠣᠣᠷᠠᠬᠢ ᠮᠡᠲᠦ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠳᠤᠷᠠᠳᠤᠨ ᠭᠠᠷᠭᠠᠪᠠ᠃ | ᠬᠤᠶᠠᠷ᠂ ᠭᠤᠣᠯ ᠠᠭᠤᠯᠭ᠎ᠠ | ᠮᠠᠨ ᠤ ᠬᠤᠲᠠ ᠶᠢᠨ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠳᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ | ᠪᠦᠲᠦᠮᠵᠢᠲᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ᠂ ᠠᠵᠤ ᠦᠢᠯᠡᠳᠪᠦᠷᠢ ᠶᠢ ᠲᠣᠬᠢᠷᠠᠭᠤᠯᠤᠨ ᠰᠢᠯᠢᠳᠡᠭᠵᠢᠭᠦᠯᠵᠦ ᠲᠠᠰ ᠳᠡᠪᠰᠢᠭᠦᠯᠬᠦ ᠶᠢ | ᠲᠦᠯᠬᠢᠨ ᠠᠬᠢᠭᠤᠯᠬᠤ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠬᠦᠴᠦᠨ ᠵᠦᠢᠯ ᠤᠨ | ᠲᠤᠯᠭᠠᠭᠤᠷᠢᠯᠠᠯ ᠢ ᠴᠢᠩᠭᠠᠷᠠᠭᠤᠯᠬᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠪᠤᠨ ᠬᠡᠰᠡᠭ 5 ᠬᠡᠰᠡᠭ 138 ᠵᠤᠷᠪᠤᠰ ᠲᠥᠷᠥ ᠶᠢᠨ | ᠪᠣᠳᠣᠯᠭ᠎ᠠ ᠶᠢ ᠲᠣᠬᠢᠷᠠᠭᠤᠯᠪᠠ᠂ ᠡᠭᠦᠨ ᠳᠤ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ 103 ᠵᠤᠷᠪᠤᠰ᠂ ᠮᠠᠨ ᠤ ᠬᠤᠲᠠ ᠶᠢᠨ ᠣᠨᠴᠠᠯᠢᠭᠲᠤ ᠲᠥᠷᠥ ᠶᠢᠨ | ᠪᠣᠳᠣᠯᠭ᠎ᠠ ᠶᠢ 35 ᠵᠤᠷᠪᠤᠰ ᠭᠥᠯᠢᠶᠡᠨ ᠠᠪᠴᠠᠢ᠃ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄ | ᠨᠢᠭᠡᠳᠦᠭᠡᠷ ᠬᠡᠰᠡᠭ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠡᠯᠪᠡᠷᠢ ᠶᠢ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢ | 19 ᠵᠤᠷᠪᠤᠰ ᠲᠦᠯᠬᠢᠨ ᠠᠬᠢᠭᠤᠯᠤᠨ᠎ᠠ᠃ ᠡᠭᠦᠨ ᠳᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ 4 ᠵᠤᠷᠪᠤᠰ᠂ | ᠲᠠᠷᠢᠮᠠᠯ ᠤᠨ ᠦᠢᠯᠡᠰ ᠢ ᠬᠥᠭᠵᠢᠭᠦᠯᠬᠦ 2 ᠵᠤᠷᠪᠤᠰ ᠠᠵᠢᠯᠯᠠᠭ᠎ᠠ ᠶᠢ ᠬᠡᠷᠡᠭᠵᠢᠭᠦᠯᠬᠦ᠂ ᠰᠦ ᠶᠢᠨ ᠦᠢᠯᠡᠰ ᠢ ᠬᠥᠭᠵᠢᠭᠦᠯᠬᠦ 5 ᠵᠤᠷᠪᠤᠰ | ᠠᠵᠢᠯᠯᠠᠭ᠎ᠠ ᠶᠢ ᠬᠡᠷᠡᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠠᠬᠢᠭᠤᠯᠬᠤ 5 ᠵᠤᠷᠪᠤᠰ᠂ ᠣᠶ | ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ 3 ᠵᠤᠷᠪᠤᠰ ᠪᠠᠭᠲᠠᠨ᠎ᠠ᠃ | ᠬᠤᠶᠠᠳᠤᠭᠠᠷ ᠬᠡᠰᠡᠭ᠂ ᠠᠵᠤ ᠦᠢᠯᠡᠳᠪᠦᠷᠢ ᠶᠢ ᠲᠣᠬᠢᠷᠠᠭᠤᠯᠤᠨ ᠰᠢᠯᠢᠳᠡᠭᠵᠢᠭᠦᠯᠵᠦ ᠲᠡᠰ ᠳᠡᠪᠰᠢᠭᠦᠯᠬᠦ ᠲᠦᠷᠦ ᠶᠢᠨ ᠪᠣᠳᠣᠯᠭ᠎ᠠ ᠶᠢᠨ 49 ᠵᠦᠢᠯ ᠢ | ᠲᠦᠯᠬᠢᠨ ᠠᠬᠢᠭᠤᠯᠪᠠ᠃ ᠡᠭᠦᠨ ᠳᠤ 11 ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ ᠪᠤᠵᠠᠭᠠᠶᠢᠷᠠᠭᠤᠯᠬᠤ᠂ 7 ᠤᠳᠤ ᠦᠶ᠎ᠡ ᠶᠢᠨ | ᠡᠨᠧᠷᠭᠢ ᠶᠢᠨ ᠰᠤᠷᠪᠤᠯᠵᠢ ᠶᠢᠨ ᠠᠵᠤ ᠠᠬᠤᠢ ᠶᠢ ᠬᠥᠭᠵᠢᠭᠦᠯᠬᠦ ᠶᠢ ᠳᠡᠮᠵᠢᠬᠦ᠂ 4 ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠠᠵᠤ ᠦᠢᠯᠡᠰ ᠢ | ᠲᠦᠷᠭᠡᠪᠴᠢᠯᠡᠨ ᠬᠥᠭᠵᠢᠭᠦᠯᠬᠦ᠂ 5 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠳᠡᠮᠵᠢᠬᠦ᠂ 4 ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ᠂ 6 ᠰᠢᠨᠵᠢᠯᠡᠬᠦ ᠤᠬᠠᠭᠠᠨ ᠤ ᠰᠤᠳᠤᠯᠭᠠᠨ ᠤ | ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠬᠤ᠂ 12 ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠠᠬᠢᠭᠤᠯᠬᠤ ᠵᠡᠷᠭᠡ ᠪᠠᠭᠲᠠᠨ᠎ᠠ᠃ | ᠭᠤᠷᠪᠠᠳᠤᠭᠠᠷ ᠬᠡᠰᠡᠭ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠲᠥᠷᠥ ᠶᠢᠨ | ᠪᠣᠳᠣᠯᠭ᠎ᠠ 28 ᠵᠦᠢᠯ᠃ ᠡᠭᠦᠨ ᠳᠤ ᠰᠢᠨ᠎ᠡ ᠪᠠᠷ ᠬᠥᠭᠵᠢᠭᠰᠡᠨ 3 ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠪᠣᠶᠢᠵᠢᠭᠤᠯᠬᠤ᠂ 5 ᠪᠠᠷᠠᠭᠠᠨ ᠤ ᠭᠦᠢᠯᠭᠡᠭᠡᠨ ᠤ | ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠬᠦ᠂ 12 ᠬᠦᠷᠦᠯᠴᠡᠬᠦ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠰᠡᠷᠭᠦᠭᠡᠬᠦ᠂ 8 | ᠤᠯᠠᠮᠵᠢᠯᠠᠯᠲᠤ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠳᠡᠭᠡᠭᠰᠢᠯᠡᠭᠦᠯᠬᠦ ᠵᠡᠷᠭᠡ ᠪᠠᠭᠲᠠᠨ᠎ᠠ᠃ | ᠳᠥᠷᠪᠡᠳᠦᠭᠡᠷ ᠬᠡᠰᠡᠭ᠂ ᠡᠯᠧᠮᠧᠨ᠋ᠲ ᠢᠶᠠᠷ ᠲᠤᠯᠭᠠᠭᠤᠷᠢᠯᠠᠬᠤ ᠲᠥᠷᠥ ᠶᠢᠨ ᠪᠣᠳᠣᠯᠭ᠎ᠠ ᠶᠢ 27 ᠵᠤᠷᠪᠤᠰ ᠴᠢᠩᠭᠠᠳᠬᠠᠪᠠ᠃ ᠡᠭᠦᠨ ᠳᠤ ᠭᠠᠵᠠᠷ ᠰᠢᠷᠣᠢ ᠶᠢᠨ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ 9 ᠵᠤᠷᠪᠤᠰ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠯᠡᠬᠦ 4 ᠵᠤᠷᠪᠤᠰ᠂ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ 9 ᠵᠤᠷᠪᠤᠰ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠴᠢᠩᠭᠠᠳᠬᠠᠬᠤ 5 ᠵᠤᠷᠪᠤᠰ ᠪᠠᠭᠲᠠᠨ᠎ᠠ᠃ | ᠲᠠᠪᠤᠳᠤᠭᠠᠷ ᠬᠡᠰᠡᠭ᠂ ᠬᠥᠭᠵᠢᠯᠲᠡ ᠶᠢᠨ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ 15 ᠵᠤᠷᠪᠤᠰ᠂ ᠡᠭᠦᠨ ᠳᠤ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ 4 ᠵᠤᠷᠪᠤᠰ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ 7 ᠵᠤᠷᠪᠤᠰ᠂ ᠣᠷᠣᠨ ᠨᠤᠲᠤᠭ ᠤᠨ | ᠠᠮᠢᠵᠢᠷᠠᠯ ᠤᠨ ᠬᠦᠴᠦᠨ ᠢ ᠬᠥᠭᠵᠢᠭᠡᠬᠦ 4 ᠵᠤᠷᠪᠤᠰ ᠪᠠᠭᠲᠠᠨ᠎ᠠ᠃ | ᠭᠤᠷᠪᠠ᠂ ᠲᠣᠳᠣᠷᠬᠠᠶᠢᠯᠠᠬᠤ ᠴᠢᠬᠤᠯᠠᠲᠠᠢ ᠵᠦᠢᠯ | ᠪᠦᠬᠦᠯᠢ ᠴᠣᠭᠴᠠ ᠶᠢᠨ ᠪᠦᠲᠦᠴᠡ ᠠᠴᠠ ᠦᠵᠡᠪᠡᠯ᠂ ᠮᠠᠨ ᠤ ᠬᠤᠲᠠ ᠶᠢᠨ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢᠨ ᠪᠣᠷᠣ ᠲᠥᠯᠥᠪ ᠨᠢ | ᠥᠪᠡᠷᠲᠡᠭᠡᠨ ᠵᠠᠰᠠᠬᠤ ᠣᠷᠣᠨ ᠤ ᠬᠢ ᠲᠠᠢ ᠦᠨᠳᠦᠰᠦᠨ ᠳᠡᠭᠡᠨ ᠨᠢᠭᠡᠳᠦᠯᠲᠡᠢ ᠪᠠᠶᠢᠨ᠎ᠠ᠂ ᠢᠯᠭᠠᠭ᠎ᠠ ᠨᠢ ᠮᠠᠨ ᠤ ᠬᠤᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ | ᠨᠢᠭᠡᠳᠦᠭᠡᠷ ᠪᠦᠯᠦᠭ ︽ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠡᠯᠪᠡᠷᠢ ᠶᠢ ᠬᠤᠪᠢᠷᠠᠭᠤᠯᠬᠤ ᠶᠢ ᠲᠦᠯᠬᠢᠨ ᠠᠬᠢᠭᠤᠯᠬᠤ︾ | ᠳᠤᠮᠳᠠ ᠰᠢᠨ᠎ᠡ ᠶᠢ ᠡᠭᠦᠳᠬᠦ ᠴᠢᠨᠠᠷᠲᠠᠢ ᠪᠠᠷ 3 ᠵᠤᠷᠪᠤᠰ ︽ᠣᠶ ᠰᠢᠭᠤᠢ ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ︾ ᠲᠥᠷᠥ ᠶᠢᠨ | ᠪᠣᠳᠣᠯᠭ᠎ᠠ ᠶᠢ ᠨᠡᠮᠡᠬᠦ ᠳᠤ ᠪᠠᠶᠢᠨ᠎ᠠ᠃ | ᠲᠥᠷᠥ ᠶᠢᠨ ᠪᠣᠳᠣᠯᠭ᠎ᠠ ᠶᠢ ᠵᠣᠯᠭᠠᠭᠤᠯᠤᠭᠰᠠᠨ ᠪᠠᠶᠢᠳᠠᠯ ᠠᠴᠠ ᠦᠵᠡᠪᠡᠯ᠂ ︽ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠨᠠᠷᠢᠨ | ᠲᠠᠩᠰᠠ︾ ᠶᠢᠨ ᠬᠡᠰᠡᠭ ᠲᠥᠷᠥ ᠶᠢᠨ ᠪᠣᠳᠣᠯᠭ᠎ᠠ ᠶᠢ ᠮᠠᠨ ᠤ ᠬᠤᠲᠠ ᠳᠤ ᠬᠤᠯᠪᠣᠭᠳᠠᠬᠤ ᠦᠭᠡᠢ ᠪᠤᠶᠤ ᠠᠶᠢᠮᠠᠭ ᠬᠤᠲᠠ ᠶᠢᠨ ᠳᠠᠪᠬᠤᠷᠭ᠎ᠠ ᠳᠤ ᠬᠡᠷᠡᠭᠵᠢᠭᠦᠯᠬᠦ | ᠦᠭᠡᠢ᠂ ᠮᠠᠨ ᠤ ᠬᠤᠲᠠ 103 ᠵᠤᠷᠪᠤᠰ ᠢ ᠵᠠᠯᠭᠠᠨ ᠠᠪᠴᠤ᠂ 17 ᠵᠤᠷᠪᠤᠰ ᠢ ᠵᠠᠯᠭᠠᠨ ᠠᠪᠬᠤ ᠶᠢᠨ ᠠᠷᠭ᠎ᠠ ᠦᠭᠡᠢ ︵ᠡᠭᠦᠨ ᠳᠤ᠄ ᠥᠪᠡᠷᠲᠡᠭᠡᠨ ᠵᠠᠰᠠᠬᠤ | ᠣᠷᠣᠨ ᠤ ᠳᠠᠪᠬᠤᠷᠭ᠎ᠠ ᠠᠴᠠ 10 ᠵᠤᠷᠪᠤᠰ ᠢ ᠬᠡᠷᠡᠭᠵᠢᠭᠦᠯᠵᠦ᠂ ᠮᠠᠨ ᠤ ᠬᠤᠲᠠ ᠶᠢᠨ 4 ᠵᠤᠷᠪᠤᠰ ᠲᠤ ᠬᠤᠯᠪᠣᠭᠳᠠᠬᠤ ᠦᠭᠡᠢ᠂ ᠬᠡᠷᠡᠭᠵᠢᠭᠦᠯᠬᠦ ᠨᠥᠬᠦᠴᠡᠯ 3 | ᠵᠤᠷᠪᠤᠰ ᠢ ᠲᠦᠷ ᠪᠦᠷᠢᠯᠳᠦᠭᠦᠯᠦᠭᠰᠡᠨ ᠦᠭᠡᠢ︶᠃ᠡᠭᠦᠨ ᠠᠴᠠ ᠭᠠᠳᠠᠨ᠎ᠠ᠂ ᠡᠨᠡ ᠵᠢᠯ ᠮᠠᠨ ᠤ ᠬᠤᠲᠠ 4 ᠵᠦᠢᠯ ᠤᠨ ᠲᠥᠷᠥ ᠶᠢᠨ ᠪᠣᠳᠣᠯᠭ᠎ᠠ ᠶᠢ ᠰᠢᠨ᠎ᠡ ᠪᠠᠷ | ᠳᠤᠷᠠᠳᠤᠨ ᠭᠠᠷᠭᠠᠵᠤ᠂ ︽2022 ᠣᠨ ᠤ ᠪᠠᠶᠠᠨᠨᠠᠭᠤᠷ ᠬᠤᠲᠠ ᠶᠢᠨ ︿ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ﹀ ᠴᠢᠨᠠᠷ ᠰᠠᠶᠢᠲᠠᠢ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ︾ ᠳᠤ ᠰᠢᠨ᠎ᠡ ᠶᠢ ᠡᠭᠦᠳᠦᠨ ᠳᠤᠷᠠᠳᠤᠭᠰᠠᠨ 31 ᠵᠦᠢᠯ ᠤᠨ ᠲᠥᠷᠥ ᠶᠢᠨ ᠪᠣᠳᠣᠯᠭ᠎ᠠ ᠶᠢ | ᠦᠯᠡᠳᠡᠭᠡᠵᠦ᠂ ᠡᠴᠦᠰ ᠲᠡᠭᠡᠨ 138 ᠵᠤᠷᠪᠤᠰ ︽ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ︾ ᠶᠢ ᠪᠣᠶ ᠪᠣᠯᠭᠠᠵᠤ᠂ ︽ᠥᠪᠡᠷᠲᠡᠭᠡᠨ ᠵᠠᠰᠠᠬᠤ | ᠣᠷᠣᠨ ᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ︾ ᠠᠴᠠ 18 ᠵᠦᠢᠯ ᠢᠯᠡᠭᠦᠦ ᠪᠣᠯᠭᠠᠪᠠ᠃ | | | |