ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠲᠠᠢ ᠨᠢᠭᠲᠠ ᠤᠶᠠᠯᠳᠤᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ | ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠰᠠᠭᠤᠷᠢᠨ ᠳᠡᠭᠡᠷ᠎ᠡ ᠲᠦᠷᠭᠡᠨ ᠤᠷᠤᠭᠰᠢᠯᠠᠨ ᠰᠢᠯᠢᠳᠡᠭ ᠢᠶᠠᠷ | ᠤᠷᠤᠭᠰᠢᠯᠠᠵᠤ᠂ ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ ᠪᠠᠷ ᠭᠤᠣᠯ ᠪᠣᠯᠭᠠᠵᠤ᠂ ᠥᠨᠳᠥᠷ ᠬᠢᠷᠢ ᠲᠦᠪᠰᠢᠨ ᠪᠦᠬᠦᠢ ᠠᠮᠢ ᠠᠬᠤᠢ ᠶᠢᠨ | ᠬᠠᠮᠠᠭᠠᠯᠠᠯᠲᠠ ᠪᠠᠷ ᠤᠷᠢᠲᠠᠯ ᠪᠣᠯᠭᠠᠵᠤ᠂ ᠥᠨᠳᠥᠷ ᠶᠠᠰᠤ ᠴᠢᠨᠠᠷ ᠲᠠᠢ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠵᠤ᠂ ᠥᠨᠳᠥᠷ ᠦᠷ᠎ᠡ ᠪᠦᠲᠦᠮᠵᠢ ᠲᠠᠢ | ᠨᠡᠶᠢᠭᠡᠮ ᠤᠨ ᠵᠠᠰᠠᠯᠲᠠ ᠪᠠᠷ ᠲᠦᠰᠢᠭ ᠪᠣᠯᠭᠠᠵᠤ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠨ᠂ ︽ ᠲᠦᠷᠪᠡᠨ | ᠲᠣᠭᠤᠷᠢᠭ ︾᠂ ︽ᠬᠤᠶᠠᠷ ᠰᠠᠭᠤᠷᠢᠨ᠂ ᠲᠦᠷᠪᠡᠨ ᠰᠦᠷᠦᠭᠵᠢᠯ︾ ᠤᠨ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠵᠣᠭᠰᠣᠭᠠᠵᠤ᠂ ᠠᠵᠤ ᠠᠬᠤᠢ ᠶᠢᠨ ᠶᠠᠰᠤ | ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠵᠤ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠬᠤᠶᠠᠷ᠂ ᠭᠤᠣᠯ ᠵᠢᠱᠢᠭᠰᠡᠨ ᠬᠠᠷᠠᠯᠲᠠ | ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠳᠡᠭ ᠢ 6% ᠣᠷᠴᠢᠮ ᠢᠶᠠᠷ ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 6% ᠣᠷᠴᠢᠮ ᠢᠶᠠᠷ ᠨᠡᠮᠡᠭᠳᠡᠭᠦᠯᠦᠨ᠎ᠡ︔ | ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 2022 ᠣᠨ ᠤ ᠡᠬᠢᠨ ᠤ ᠲᠥᠰᠥᠪ ᠠᠴᠠ 4% ᠣᠷᠴᠢᠮ | ᠨᠡᠮᠡᠭᠳᠡᠭᠦᠯᠦᠨ᠎ᠡ︔ | ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠦᠨ᠎ᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 5% ᠣᠷᠴᠢᠮ ᠢᠶᠠᠷ ᠨᠡᠮᠡᠭᠳᠡᠭᠦᠯᠦᠨ᠎ᠡ︔ | ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6% ᠣᠷᠴᠢᠮ ᠢᠶᠠᠷ | ᠨᠡᠮᠡᠭᠳᠡᠭᠦᠯᠦᠨ᠎ᠡ︔ | ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 8% | ᠣᠷᠴᠢᠮ ᠢᠶᠠᠷ ᠨᠡᠮᠡᠭᠳᠡᠭᠦᠯᠦᠨ᠎ᠡ︔ | ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ︔ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠬᠠᠷᠠᠯᠲᠠᠲᠤ ᠡᠭᠦᠷᠭᠡ ᠶᠢ | ᠪᠡᠶᠡᠯᠡᠭᠦᠯᠦᠨ᠎ᠡ᠃ | ᠭᠤᠷᠪᠠ᠂ ᠭᠤᠣᠯᠳᠠᠯᠭ᠎ᠠ ᠲᠠᠢ ᠠᠵᠢᠯ ᠤᠨ ᠡᠭᠦᠷᠭᠡ | ︵ᠨᠢᠭᠡ︶ ᠪᠣᠳᠠᠲᠤ ᠴᠣᠭᠴᠠ ᠶᠢᠨ ᠠᠵᠤ ᠠᠬᠤᠢ ᠪᠠ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠢᠭᠡᠳᠦᠯᠲᠡᠢ ᠲᠥᠯᠥᠪᠯᠡᠵᠦ᠂ ᠤᠳᠤ ᠦᠶ᠎ᠡ ᠶᠢᠨ | ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠨᠢᠭᠡ ᠳᠤ᠂ ᠠᠵᠤ ᠠᠬᠤᠢ ᠶᠢᠨ ᠲᠣᠭᠲᠠᠭᠤᠨ ᠡᠷᠡᠭᠦᠯ ᠠᠵᠢᠯᠯᠠᠭᠠᠨ ᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠦᠢᠯᠡᠳᠪᠦᠷᠢᠯᠡᠯ ᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠰᠠᠭᠤᠷᠢᠨ ᠭᠠᠵᠠᠷ ᠤᠨ ︽ᠲᠤᠭ᠎ᠠ ᠴᠢᠨᠠᠷ ᠢ ᠳᠡᠭᠡᠭᠰᠢᠯᠡᠭᠦᠯᠬᠦ︾᠂ ᠴᠡᠪᠡᠷ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ︽ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ︾᠂ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ︽ᠡᠨᠧᠷᠭᠢ ᠣᠯᠭᠤᠬᠤ ᠬᠤᠷᠳᠤᠴᠠ ᠶᠢ ᠲᠦᠷᠭᠡᠳᠬᠡᠬᠦ ︾ ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ | ᠤᠨ ︽ᠨᠥᠭᠡᠴᠡ ᠬᠦᠴᠦᠨ ᠢ ᠳᠡᠭᠡᠭᠰᠢᠯᠡᠭᠦᠯᠬᠦ︾᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ︽ᠰᠢᠪᠲᠤᠯᠤᠯᠲᠠ ᠬᠢᠵᠦ ᠰᠢᠨ᠎ᠡ | ᠶᠢ ᠡᠭᠦᠳᠬᠦ︾᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠲᠡᠮᠦᠷᠯᠢᠭ ᠪᠣᠯᠪᠠᠰᠤᠷᠠᠭᠤᠯᠬᠤ ᠶᠢᠨ ︽ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ︾ ᠶᠢ ᠠᠬᠢᠭᠤᠯᠤᠨ᠎ᠠ᠃ ᠭᠤᠷᠪᠠ ᠳᠤ᠂ ᠦᠢᠯᠡᠴᠢᠯᠡᠭᠡᠨ ᠤ ᠦᠢᠯᠡᠰ ᠤᠨ ᠤᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠵᠤ᠂ ᠤᠯᠤᠰ ᠤᠨ | ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ︽ᠤᠷᠠᠳ ᠤᠨ | ᠬᠤᠶᠢᠲᠤ ᠬᠤᠰᠢᠭᠤ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠩᠭᠤᠵᠢᠭᠤᠯᠤᠨ ᠠᠵᠢᠯᠯᠠᠭᠤᠯᠤᠨ᠎ᠠ᠃ | ︵ᠬᠤᠶᠠᠷ︶ ᠪᠡᠯᠡ ᠣᠷᠤᠭᠤᠯᠤᠯᠲᠠ ᠪᠠ ᠬᠡᠷᠡᠭᠯᠡᠭᠡ ᠶᠢ ᠨᠢᠭᠡᠳᠦᠯᠲᠡᠢ ᠲᠥᠯᠥᠪᠯᠡᠵᠦ᠂ ᠪᠦᠲᠦᠮᠵᠢᠲᠡᠢ ᠬᠡᠷᠡᠭᠴᠡᠭᠡ ᠱᠠᠭᠠᠷᠳᠠᠯᠭ᠎ᠠ ᠶᠢ ᠪᠥᠬᠦ | ᠬᠦᠴᠦᠨ ᠢᠶᠠᠷ ᠢᠶᠠᠨ ᠲᠣᠭᠲᠠᠭᠤᠨ ᠢᠶᠠᠷ ᠥᠷᠭᠡᠳᠬᠡᠨ᠎ᠡ᠃ ᠨᠢᠭᠡ ᠳᠤ ᠪᠦᠲᠦᠮᠵᠢᠲᠡᠢ ᠪᠡᠯᠡ ᠣᠷᠤᠭᠤᠯᠤᠯᠲᠠ ᠶᠢ ᠢᠳᠡᠪᠬᠢᠲᠡᠢ ᠥᠷᠭᠡᠳᠬᠡᠵᠦ᠂ 194 ᠵᠦᠢᠯ ᠤᠨ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠣᠨ ᠤ ᠪᠡᠯᠡ ᠣᠷᠤᠭᠤᠯᠤᠯᠲᠠ ᠶᠢ 396 | ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃ ᠤᠯᠤᠰ ᠤᠨ ᠳᠣᠲᠣᠭᠠᠳᠤ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 15% ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ᠃ ᠬᠤᠶᠠᠷ ᠲᠤ ᠬᠡᠷᠡᠭᠯᠡᠭᠡ ᠶᠢ ᠦᠷᠭᠦᠯᠵᠢᠯᠡᠨ ᠰᠡᠷᠭᠦᠭᠡᠬᠦ ᠶᠢ ᠠᠬᠢᠭᠤᠯᠵᠤ᠂ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠬᠤ ᠪᠠ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ | ᠬᠥᠮᠥᠵᠢᠭᠦᠯᠬᠦ᠂ ᠰᠣᠶᠣᠯ᠂ ᠪᠡᠶ᠎ᠡ ᠶᠢᠨ ᠲᠠᠮᠢᠷ᠂ ᠭᠡᠷ ᠤᠨ ᠶᠠᠪᠤᠳᠠᠯ ᠵᠡᠷᠭᠡ ᠠᠮᠢᠳᠤᠷᠠᠯ ᠤᠨ ᠴᠢᠨᠠᠷᠲᠠᠢ ᠬᠡᠷᠡᠭᠯᠡᠭᠡ ᠶᠢ ᠥᠨᠳᠥᠷ ᠶᠠᠰᠤ ᠴᠢᠨᠠᠷ ᠪᠠ ᠤᠯᠠᠨ | ᠶᠠᠩᠵᠤᠴᠢᠯᠠᠭᠰᠠᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ ᠭᠤᠷᠪᠠ ᠳᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | 5G ᠶᠢᠨ ᠰᠠᠭᠤᠷᠢ ᠥᠷᠲᠡᠭᠡ ᠶᠢ 800 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 12764 ᠬᠠᠭᠤᠴᠢᠨ ᠵᠢᠵᠢᠭ ᠲᠣᠭᠤᠷᠢᠭ᠂ 6643 ᠳᠥᠭᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠤᠨ᠎ᠠ᠃ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠢᠰᠲ᠋ᠧᠮᠵᠢ ᠶᠢ ᠪᠠᠶᠢᠭᠤᠯᠵᠤ᠂ | ᠪᠤᠭᠤᠲᠤ ᠠᠴᠠ ᠶᠢᠨ ᠤ ᠳᠡᠭᠡᠳᠦ ᠬᠤᠷᠳᠤ ᠶᠢᠨ ᠲᠡᠮᠦᠷ ᠵᠠᠮ᠂ G0616 ᠭᠠᠨᠰᠤ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ︵ᠭᠤᠷᠪᠠ︶ ᠥᠭᠡᠷᠡᠴᠢᠯᠡᠯᠲᠡ ᠪᠠ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠵᠦ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠭᠦ ᠬᠦᠴᠦᠨ ᠢ | ᠳᠡᠭᠡᠭᠰᠢᠯᠡᠭᠦᠯᠦᠨ᠎ᠡ᠃ ᠨᠢᠭᠡ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 90 ᠬᠥᠮᠥᠷᠭᠡ ᠳᠤ ᠣᠷᠣᠭᠤᠯᠬᠤ ᠪᠠᠷ ᠴᠢᠷᠮᠠᠶᠢᠨ᠎ᠠ᠃ ᠬᠤᠶᠠᠷ ᠲᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ | ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠪᠥᠬᠦ ᠣᠷᠣᠨ ᠤ ᠨᠢᠭᠡ ᠴᠣᠭᠴᠠᠵᠢᠭᠰᠠᠨ ᠲᠠᠪᠴᠠᠩ ᠤᠨ ᠪᠥᠬᠦ ᠶᠠᠪᠤᠴᠠ ᠶᠢᠨ ᠰᠦᠯᠵᠢᠶᠡᠨ ᠤ ᠡᠷᠭᠢᠯᠡᠭᠰᠡᠨ | ᠨᠣᠷᠮ᠎ᠠ ᠶᠢ 76.7% ᠳᠤ ᠬᠦᠷᠭᠡᠵᠦ᠂ ᠥᠪᠥᠷ ᠮᠣᠩᠭᠤᠯ ᠤᠨ ᠲᠦᠷᠭᠡᠨ ᠳᠠᠪᠬᠢᠬᠤ ᠵᠠᠰᠠᠮᠠᠯ ᠵᠠᠮ ᠤᠨ ᠠᠯᠪᠠᠨ ᠭᠡᠷ ᠤᠨ APP ᠶᠢᠨ ᠡᠷᠭᠢᠯᠡᠵᠦ ᠪᠣᠯᠬᠤ | ᠨᠣᠷᠮ᠎ᠠ ᠶᠢ 39.4% ᠳᠤ ᠬᠦᠷᠭᠡᠨ᠎ᠡ᠃ ᠭᠤᠷᠪᠠ ᠳᠤ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠦᠢᠯᠡᠳᠦᠯ ᠢ ᠴᠢᠩᠭᠠᠷᠠᠭᠤᠯᠵᠤ᠂ ᠭᠠᠭᠴᠠᠮᠣᠳᠣ | ᠪᠣᠭᠤᠮᠲᠠ ᠶᠢᠨ ᠵᠢᠯ ᠳᠤ 2000 ᠲᠦᠮᠡᠨ ᠲᠣᠨ ᠠᠴᠠ ᠳᠡᠭᠡᠭᠰᠢ ᠪᠠᠷᠠᠭ᠎ᠠ ᠣᠷᠣᠭᠤᠯᠵᠤ᠂ ᠪᠥᠬᠦ ᠵᠢᠯ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠠᠷᠠᠯᠵᠢᠶᠠᠨ ᠤ ᠶᠡᠷᠦᠩᠬᠡᠢ ᠬᠡᠮᠵᠢᠶ᠎ᠡ ᠶᠢ 5% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ︵ᠳᠥᠷᠪᠡ︶ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠢ ᠨᠢᠭᠡᠳᠦᠯᠲᠡᠢ ᠲᠥᠯᠥᠪᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠲᠦᠷᠭᠡᠳᠬᠡᠨ ᠠᠬᠢᠭᠤᠯᠤᠨ᠎ᠠ᠃ ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠣᠯᠬᠤ ᠪᠠᠶᠢᠷᠢ ᠰᠠᠭᠤᠷᠢ ᠶᠢ ᠪᠠᠬᠢᠵᠢᠭᠦᠯᠵᠦ᠂ | ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠶᠢᠰᠦᠨ ᠶᠡᠭᠡ ᠢᠨᠵᠧᠨᠧᠷᠢᠩ ᠢ ᠬᠡᠷᠡᠭᠵᠢᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ | 670 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ ᠤᠨᠠᠯᠲᠠ ᠶᠢ 58 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ︔ | ᠮᠠᠯ ᠤᠨ ᠠᠷᠠᠴᠢᠯᠠᠭ᠎ᠠ ᠶᠢᠨ ᠬᠡᠮᠵᠢᠶ᠎ᠡ ᠶᠢ 2300 ᠲᠦᠮᠡᠨ ᠲᠣᠯᠣᠭᠠᠢ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠮᠢᠬᠠᠨ ᠤ ᠭᠠᠷᠤᠯᠲᠠ ᠶᠢ 45 ᠲᠦᠮᠡᠨ | ᠲᠣᠨ ᠠᠴᠠ ᠳᠡᠭᠡᠭᠰᠢ ᠬᠡᠮᠵᠢᠶᠡᠨ ᠳᠤ ᠪᠠᠶᠢᠯᠭᠠᠨ᠎ᠠ︔ ᠰᠠᠭᠠᠯᠢ ᠶᠢᠨ ᠦᠨᠢᠶ᠎ᠡ ᠶᠢ 33 ᠲᠦᠮᠡᠨ ᠲᠣᠯᠣᠭᠠᠢ ᠠᠴᠠ ᠳᠡᠭᠡᠭᠰᠢ ᠳᠤ ᠬᠦᠷᠦᠭᠦᠯᠵᠦ᠂ ᠰᠠᠭᠠᠯᠢ ᠶᠢᠨ | ᠭᠠᠷᠤᠯᠲᠠ ᠶᠢ 120 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠃ ᠬᠤᠶᠠᠷ ᠲᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠪᠠ ᠬᠢᠨᠠᠨ ᠰᠢᠯᠭᠠᠬᠤ ᠡᠲᠡᠭᠡᠳ ᠤᠨ 4900 | ᠬᠥᠮᠥᠨ ᠳᠤ ᠠᠵᠢᠯ ᠬᠥᠳᠡᠯᠮᠦᠷᠢ ᠬᠢᠵᠦ ᠠᠵᠢᠯ ᠣᠯᠭᠤᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ 4880 ᠡᠷᠦᠬᠡ ᠶᠢᠨ ᠵᠣᠷᠯᠣᠩ ᠢ ᠥᠭᠡᠷᠡᠴᠢᠯᠡᠨ | ᠪᠠᠶᠢᠭᠤᠯᠵᠤ᠂ 350 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 111 ᠠᠶᠢᠯ ᠲᠣᠰᠬᠤᠨ ᠤ ᠨᠣᠭᠤᠭᠠᠷᠠᠭᠤᠯᠤᠯᠲᠠ ᠶᠢ | ᠬᠡᠷᠡᠭᠵᠢᠭᠦᠯᠦᠨ᠎ᠡ᠃ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ 800 ᠺᠢᠯᠣᠮᠧᠲᠷ ᠲᠤ ᠬᠦᠷᠴᠦ᠂ ᠪᠣᠬᠢᠷ ᠤᠰᠤ ᠶᠢ | ᠰᠢᠢᠳᠪᠦᠷᠢᠯᠡᠬᠦ ᠴᠢᠳᠠᠪᠤᠷᠢ ᠲᠠᠢ ᠪᠠᠶᠢᠭᠤᠯᠤᠯᠲᠠᠲᠤ ᠪᠠᠯᠭᠠᠰᠤ 75% ᠠᠴᠠ ᠳᠡᠭᠡᠭᠰᠢ ᠳᠤ ᠬᠦᠷᠪᠡ᠃ | ︵ᠲᠠᠪᠤ︶ ᠡᠬᠢ ᠪᠠᠶᠠᠯᠢᠭ ᠢ ᠠᠷᠪᠢᠯᠠᠬᠤ ᠪᠠ ᠡᠷᠴᠢᠮᠵᠢᠭᠦᠯᠦᠨ ᠠᠰᠢᠭᠯᠠᠬᠤ ᠶᠢ ᠨᠢᠭᠡᠳᠦᠯᠲᠡᠢ ᠲᠥᠯᠥᠪᠯᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠨᠢᠭᠡ ᠳᠤ᠂ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢᠨ | ᠰᠠᠭᠠᠷᠮᠠᠭᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠪᠠᠭᠤᠷᠠᠯᠲᠠ ᠶᠢ ᠵᠣᠬᠢᠰᠲᠠᠢ ᠣᠷᠣᠨ ᠵᠠᠢ ᠳᠤ ᠬᠢᠵᠠᠭᠠᠷᠯᠠᠬᠤ ᠶᠢ ᠪᠠᠲᠤᠯᠠᠨ᠎ᠠ᠃ ᠬᠤᠶᠠᠷ ᠲᠤ ᠪᠣᠬᠢᠷᠲᠤᠯ ᠢ | ᠰᠡᠷᠭᠡᠶᠢᠯᠡᠨ ᠵᠠᠰᠠᠵᠤ ᠬᠠᠮᠠᠭᠠᠯᠠᠬᠤ ᠲᠠᠶᠢᠨ ᠢ ᠭᠦᠨᠵᠡᠭᠡᠢ ᠰᠠᠶᠢᠲᠤᠷ ᠬᠢᠵᠦ᠂ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ ᠶᠢ 14.64 ᠲᠦᠮᠡᠨ ᠡᠷᠦᠭᠡ ᠠᠴᠠ ᠳᠡᠭᠡᠭᠰᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠤᠷᠮ᠎ᠠ ᠶᠢ 86.7% ᠳᠤ | ᠬᠦᠷᠭᠡᠵᠦ᠂ PM2.5 ᠶᠢ 29.4 ᠮᠢᠺᠷᠥᠭᠷᠠᠮ/ᠪᠣᠰᠤᠭ᠎ᠠ ᠳᠥᠷᠪᠡᠯᠵᠢᠨ ᠮᠧᠲᠷ ᠠᠴᠠ ᠳᠣᠭᠤᠭᠰᠢ ᠪᠠᠶᠢᠯᠭᠠᠬᠤ ᠶᠢ ᠦᠨᠡᠨ ᠬᠦ ᠪᠠᠲᠤᠯᠠᠪᠠ᠃ ᠭᠤᠷᠪᠠ ᠳᠤ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠦᠷᠭᠦᠯᠵᠢᠯᠡᠨ ᠥᠷᠨᠢᠭᠦᠯᠵᠦ᠂ | 45.45 ᠲᠦᠮᠡᠨ ᠮᠦ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠪᠡᠶᠡᠯᠡᠭᠦᠯᠵᠦ᠂ 10 ᠲᠦᠮᠡᠨ ᠮᠦ ᠨᠤᠲᠤᠭ | ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠪᠡ᠃ ᠳᠥᠷᠪᠡ ᠳᠤ ︽ᠲᠠᠪᠤᠨ ᠦᠨᠳᠦᠰᠦᠨ ᠵᠦᠢᠯ ᠠᠴᠠ ᠡᠬᠢᠯᠡᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ | ᠲᠦᠷᠦᠯ ᠵᠦᠢᠯ ᠤᠨ ᠬᠢᠨᠠᠨ ᠵᠥᠪᠰᠢᠶᠡᠷᠡᠯ ᠢ ᠳᠥᠭᠦᠮᠴᠢᠯᠡᠬᠦ᠂ ᠤᠯᠠᠨ ᠨᠡᠶᠢᠲᠡ ᠶᠢᠨ ᠪᠡᠯᠡ ᠮᠥᠩᠭᠦ ᠶᠢ ᠥᠨᠳᠥᠷ ᠪᠦᠲᠦᠮᠵᠢᠲᠡᠢ ᠬᠡᠷᠡᠭᠯᠡᠬᠦ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠬᠠᠭᠠᠰ ᠳᠤᠲᠠᠭᠤ︾ ᠢᠨᠵᠧᠨᠧᠷᠢᠩ ᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠨ᠎ᠠ᠃ | ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠪᠠ ᠰᠤᠯᠠ ᠲᠠᠯᠪᠢᠭᠰᠠᠨ ᠭᠠᠵᠠᠷ ᠰᠢᠷᠣᠢ ᠶᠢ 0.56 ᠲᠦᠮᠡᠨ ᠮᠦ ᠰᠢᠢᠳᠪᠦᠷᠢᠯᠡᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠰᠠᠶᠢᠵᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠢᠭᠡ ᠳᠤ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠪᠥᠬᠦ ᠵᠢᠯ ᠳᠤ ᠬᠤᠲᠠ | ᠪᠠᠯᠭᠠᠰᠤ ᠶᠢᠨ 8300 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠲᠠᠷᠢᠶᠠᠯᠠᠬᠤ ᠮᠠᠯᠵᠢᠬᠤ ᠣᠷᠣᠨ ᠤ 12 ᠲᠦᠮᠡᠨ ᠬᠥᠮᠥᠨ ᠳᠤ ᠰᠢᠯᠵᠢᠭᠦᠯᠦᠨ ᠠᠵᠢᠯ | ᠣᠯᠭᠤᠪᠠ᠃ ᠬᠤᠶᠠᠷ ᠲᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠣᠷᠣᠨ ᠪᠦᠰᠡ ᠶᠢᠨ | ᠡᠮᠴᠢᠯᠡᠭᠡᠨ ᠤ ᠲᠥᠪ᠂ ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠣᠨᠴᠠᠯᠢᠭᠲᠤ ᠭᠤᠣᠯᠳᠠᠯᠭ᠎ᠠ ᠲᠠᠢ ᠡᠮᠨᠡᠯᠭᠡ ᠶᠢᠨ ᠬᠤᠷᠢᠶᠠᠨ ᠤ | ᠪᠦᠲᠦᠭᠡᠨ ᠪᠠᠶᠢᠭᠤᠯᠤᠯᠲᠠ ᠶᠢ 6 ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ 3930 ᠡᠷᠳᠡᠮ ᠤᠨ ᠴᠣᠯᠠ ᠶᠢ ᠨᠡᠮᠡᠭᠳᠡᠭᠦᠯᠪᠡ᠃ ᠭᠤᠷᠪᠠ ᠳᠤ ᠨᠡᠶᠢᠭᠡᠮ ᠤᠨ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ ᠤᠨ ᠪᠦᠷᠬᠦᠴᠡ ᠶᠢᠨ ᠨᠤᠷᠮ᠎ᠠ ᠶᠢ 86% ᠠᠴᠠ ᠳᠡᠭᠡᠭᠰᠢ | ᠪᠠᠶᠢᠯᠭᠠᠬᠤ ᠶᠢ ᠦᠨᠡᠨ ᠬᠦ ᠪᠠᠲᠤᠯᠠᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠬᠡᠪᠴᠢᠶ᠎ᠡ ᠶᠢ ᠵᠢᠯᠦᠨᠳᠦᠰᠦᠨ | ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95% ᠠᠴᠠ ᠳᠡᠭᠡᠭᠰᠢ ᠲᠣᠭᠲᠠᠭᠤᠨ ᠪᠠᠶᠢᠯᠭᠠᠵᠤ᠂ ᠬᠦᠴᠢᠷᠳᠡᠯ ᠲᠠᠢ ᠬᠠᠮᠲᠤᠯᠢᠭ ᠢ 100% ᠪᠠᠷ | ᠳᠠᠭᠠᠳᠬᠠᠯ ᠳᠤ ᠣᠷᠣᠯᠴᠠᠭᠤᠯᠬᠤ ᠶᠢ ᠦᠨᠡᠨ ᠬᠦ ᠪᠠᠲᠤᠯᠠᠨ᠎ᠠ᠃ | | | |