︽ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠵᠠᠷᠯᠢᠭ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/4/19
      ᠨᠢᠭᠡ᠂ ᠲᠣᠭᠲᠠᠭᠠᠭᠰᠠᠨ ᠦᠨᠳᠦᠰᠦᠨ ᠪᠠᠶᠢᠳᠠᠯ      ᠲᠣᠭᠲᠠᠭᠠᠬᠤ ᠶᠢᠨ ᠴᠢᠬᠤᠯᠠ ᠴᠢᠨᠠᠷ᠄ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠢ ᠰᠡᠷᠭᠡᠶᠢᠯᠡᠬᠦ ᠪᠠ ᠬᠢᠵᠠᠭᠠᠷᠯᠠᠬᠤ ᠶᠢᠨ ᠲᠥᠯᠥᠭᠡ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠤᠯᠤᠰ ᠤᠨ ᠭᠠᠵᠠᠷ ᠰᠢᠷᠣᠢ ᠶᠢᠨ ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ  ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ ᠭᠠᠯ ᠰᠡᠷᠭᠡᠶᠢᠯᠡᠬᠦ ᠶᠢ ᠴᠠᠭᠠᠵᠠᠯᠠᠬᠤ ᠴᠢᠩᠭ᠎ᠠ ᠵᠠᠷᠯᠢᠭ ᠨᠡᠶᠢᠲᠡᠯᠡᠪᠡ᠃      ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠪᠠ ᠴᠢᠩᠭ᠎ᠠ ᠰᠡᠷᠭᠡᠶᠢᠯᠡᠯᠲᠡ ᠶᠢᠨ ᠣᠷᠣᠨ᠄ ᠪᠥᠬᠦ ᠬᠤᠲᠠ ᠶᠢᠨ 2023 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠨᠢ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ︔ 9 ᠰᠠᠷ᠎ᠠ ᠶᠢᠨ 15 - 11 ᠰᠠᠷ᠎ᠠ ᠶᠢᠨ 15 ᠤ ᠡᠳᠦᠷ᠃ ᠡᠭᠦᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭ᠎ᠠ ᠨᠢ 3 ᠰᠠᠷ᠎ᠠ ᠶᠢᠨ 20 ᠤ ᠡᠳᠦᠷ ᠠᠴᠠ 5 ᠰᠠᠷ᠎ᠠ ᠶᠢᠨ 10 ᠤ ᠡᠳᠦᠷ ᠂ 10 ᠰᠠᠷ᠎ᠠ ᠶᠢᠨ 1 ᠤ ᠡᠳᠦᠷ ᠠᠴᠠ 11 ᠰᠠᠷ᠎ᠠ ᠶᠢᠨ10 ᠤ ᠡᠳᠦᠷ ᠪᠣᠯᠣᠨ᠎ᠠ᠃ ᠮᠤᠨᠠ ᠠᠭᠤᠯᠠ ᠶᠢᠨ ᠬᠤᠶᠢᠨ᠎ᠠ ᠡᠭᠦᠰᠦᠭᠰᠡᠨ ᠰᠢᠭᠤᠶᠢᠲᠤ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠣᠨ ᠪᠦᠰᠡ᠂ ᠤᠯᠤᠰ ᠤᠨ ᠡᠯᠡᠰᠦᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ᠂ G6᠂ G7᠂ ᠤᠯᠤᠰ ᠤᠨ ᠵᠠᠮ 110᠂ ᠤᠯᠤᠰ ᠤᠨ ᠵᠠᠮ 242᠂ ᠮᠤᠵᠢ ᠶᠢᠨ ᠵᠠᠮ 212᠂ ᠮᠤᠵᠢ ᠶᠢᠨ ᠵᠠᠮ 215 ᠮᠤᠵᠢ ᠶᠢᠨ ᠵᠠᠮ 315 ︵ᠬᠠᠲᠤᠨ ᠭᠤᠣᠯ ᠳᠠᠭᠠᠤ ᠶᠢᠨ ᠵᠠᠰᠠᠮᠠᠯ ᠵᠠᠮ︶᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ 200 ᠮᠧᠲᠷ ᠤᠨ ᠬᠡᠪᠴᠢᠶᠡᠨ ᠳᠣᠲᠣᠷ᠎ᠠ᠂ ᠤᠯᠤᠰ ᠤᠨ ᠥᠮᠴᠢᠯᠡᠯᠲᠦ ᠲᠠᠯᠠᠪᠠᠶ ᠬᠦᠷᠢᠶᠡᠯᠡᠩ᠂ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠣᠷᠣᠨ᠂ ᠤᠯᠠᠭᠠᠨᠪᠤᠬ᠎ᠠ ᠶᠢᠨ ᠡᠯᠡᠰᠦᠨ ᠴᠥᠯ ᠤᠨ ᠠᠮᠢ ᠠᠬᠤᠢ ᠶᠢᠨ ᠵᠠᠰᠠᠯᠲᠠ ᠶᠢᠨ ᠣᠷᠣᠨ᠂ ᠤᠷᠠᠳ ᠤᠨ ᠨᠤᠲᠤᠭ ᠪᠡᠯᠴᠢᠭᠡᠷ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠵᠠᠭᠠᠭᠯᠠᠨ ᠲᠣᠭᠲᠠᠭᠠᠭᠰᠠᠨ ᠵᠠᠬᠢᠷᠤᠨ ᠬᠠᠮᠢᠶᠠᠷᠬᠤ ᠣᠷᠣᠨ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠣᠷᠣᠨ ᠢ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠪᠣᠯᠭᠠᠨ᠎ᠠ᠃      ᠬᠤᠶᠠᠷ᠂  ᠲᠣᠭᠲᠠᠭᠠᠭᠰᠠᠨ ᠦᠨᠳᠦᠰᠦᠯᠡᠯ      ︵ᠨᠢᠭᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭᠠᠨ ᠳᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠠᠯᠢᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃      ᠦᠨᠳᠦᠰᠦ ᠪᠠᠷᠢᠮᠲᠠ᠄ ︽ᠤᠢ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠤᠨ ᠬᠤᠷᠢᠨ ᠨᠠᠢᠮᠠᠳᠤᠭᠠᠷ ᠵᠦᠢᠯ ᠳᠤ ︽ᠤᠢ ᠰᠢᠭᠤᠢ ᠶᠢᠨ ᠭᠠᠯ ᠰᠡᠷᠭᠡᠶᠢᠯᠡᠬᠦ ᠬᠤᠭᠤᠴᠠᠭᠠᠨ ᠳᠤ ᠥᠨᠳᠥᠷ ᠳᠤᠯᠠᠭᠠᠨ᠂ ᠭᠠᠩ ᠬᠠᠭᠰᠠᠷᠠᠭᠠᠨ᠂ ᠶᠡᠭᠡ ᠰᠠᠯᠬᠢ ᠵᠡᠷᠭᠡ ᠭᠠᠯ ᠤᠨ ᠠᠶᠤᠯ ᠶᠡᠬᠡᠲᠡᠢ ᠴᠠᠭ ᠠᠭᠤᠷ ᠢ ᠤᠷᠢᠳᠴᠢᠯᠠᠨ ᠮᠡᠳᠡᠭᠡᠯᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠤᠢ ᠰᠢᠭᠤᠢ ᠶᠢᠨ ᠭᠠᠯ ᠤᠨ ᠠᠶᠤᠯ ᠶᠡᠬᠡᠲᠡᠢ ᠣᠷᠣᠨ ᠢ ᠵᠠᠭᠠᠭᠯᠠᠨ ᠲᠣᠭᠲᠠᠭᠠᠵᠤ᠂ ᠤᠢ ᠰᠢᠭᠤᠢ ᠶᠢᠨ ᠭᠠᠯ ᠤᠨ ᠠᠶᠤᠯ ᠶᠡᠬᠡᠲᠡᠢ ᠬᠤᠭᠤᠴᠠᠭ᠎ᠠ ᠶᠢ ᠲᠣᠭᠲᠠᠭᠠᠬᠤ ᠬᠡᠷᠡᠭᠲᠡᠢ᠃ ᠴᠢᠬᠤᠯᠠ ᠲᠠᠢ ᠦᠶ᠎ᠡ ᠳᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠡᠷᠡᠭᠴᠡᠭᠡ ᠪᠠᠨ ᠦᠨᠳᠦᠰᠦᠯᠡᠨ ᠵᠠᠷᠯᠢᠭ ᠨᠡᠶᠢᠲᠡᠯᠡᠵᠦ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠤᠢ ᠰᠢᠭᠤᠢ ᠶᠢᠨ ᠭᠠᠯ ᠤᠨ ᠠᠶᠤᠯ ᠭᠠᠷᠭᠠᠵᠤ ᠮᠡᠳᠡᠬᠦ ᠰᠠᠭᠤᠭᠠᠯᠢ ᠠᠷᠠᠳ ᠤᠨ ᠠᠮᠢᠳᠤᠷᠠᠯ ᠳᠤ ᠭᠠᠯ ᠬᠡᠷᠡᠭᠯᠡᠬᠦ ᠶᠢ ᠴᠢᠩᠭ᠎ᠠ ᠬᠠᠮᠢᠶᠠᠷᠬᠤ ᠬᠡᠷᠡᠭᠲᠡᠢ︾ ᠭᠡᠵᠦ ᠵᠠᠰᠠᠪᠠ᠃      ︵ᠬᠤᠶᠠᠷ︶ ᠳᠡᠭᠡᠷ᠎ᠡ ᠳᠤᠷᠠᠳᠤᠭᠰᠠᠨ ᠣᠷᠣᠨ ᠤ ᠳᠣᠲᠣᠷ᠎ᠠ ᠪᠤᠯᠠᠰᠢᠨ  ᠳᠤ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠲᠠᠷᠢᠶᠠᠨ ᠲᠠᠯᠠᠩ ᠰᠢᠲᠠᠭᠠᠬᠤ᠂ ᠪᠤᠵᠠᠷ ᠡᠪᠡᠰᠦ᠂ ᠡᠰᠢ ᠰᠦᠷᠡᠯ᠂ ᠪᠡᠯᠴᠢᠭᠡᠷ ᠰᠢᠲᠠᠭᠠᠬᠤ᠂ ᠠᠲᠠᠷ ᠰᠢᠲᠠᠭᠠᠵᠤ ᠨᠡᠭᠦᠷᠡᠰᠦ ᠰᠢᠲᠠᠭᠠᠬᠤ᠂ ᠬᠤᠭ ᠨᠣᠪᠰᠢ ᠰᠢᠲᠠᠭᠠᠬᠤ ᠵᠡᠷᠭᠡ ᠦᠢᠯᠡᠳᠪᠦᠷᠢᠯᠡᠯ ᠤᠨ ᠪᠤᠰᠤ ᠴᠢᠨᠠᠷᠲᠠᠢ ᠭᠠᠯ ᠬᠡᠷᠡᠭᠯᠡᠬᠦ ᠵᠡᠷᠭᠡ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠦᠨᠳᠦᠰᠦ ᠪᠠᠷᠢᠮᠲᠠ᠄ ︽ᠤᠢ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠤᠨ ᠬᠤᠷᠢ ᠶᠢᠰᠦᠳᠦᠭᠡᠷ ᠵᠦᠢᠯ ᠳᠤ ︽ᠤᠢ ᠰᠢᠭᠤᠢ ᠶᠢᠨ ᠭᠠᠯ ᠤᠨ ᠠᠶᠤᠯ ᠶᠡᠬᠡᠲᠡᠢ ᠬᠤᠭᠤᠴᠠᠭᠠᠨ ᠳᠤ ᠤᠢ ᠰᠢᠭᠤᠢ ᠶᠢᠨ ᠭᠠᠯ ᠤᠨ ᠠᠶᠤᠯ ᠶᠡᠬᠡᠲᠡᠢ ᠣᠷᠣᠨ ᠳᠤ ᠣᠷᠣᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠵᠥᠪᠰᠢᠶᠡᠷᠡᠭᠰᠡᠨ ᠴᠠᠭ᠂ ᠭᠠᠵᠠᠷ᠂ ᠬᠦᠷᠢᠶ᠎ᠡ ᠬᠡᠪᠴᠢᠶ᠎ᠡ ᠶᠢ ᠴᠢᠩᠭ᠎ᠠ ᠵᠢᠷᠤᠮᠯᠠᠨ ᠠᠵᠢᠯᠯᠠᠭ᠎ᠠ ᠬᠢᠬᠦ ᠶᠢᠨ ᠬᠠᠮᠲᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠢ︾ ᠭᠡᠵᠦ ᠲᠣᠭᠲᠠᠭᠠᠵᠠᠢ᠃      ︵ᠭᠤᠷᠪᠠ︶ ᠳᠡᠭᠡᠷᠡᠬᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠰᠢᠶᠠᠨ ᠤ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠬᠤ ᠶᠢᠨ ᠬᠠᠮᠲᠤ ᠢᠯᠡ ᠪᠠᠷ ᠨᠡᠶᠢᠲᠡᠯᠡᠨ ᠢᠯᠡᠴᠢᠯᠡᠨ᠎ᠡ᠄ ᠠᠯᠪᠠᠨ ᠲᠤᠰᠢᠶᠠᠯᠲᠠᠨ ᠤ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠠᠭ ᠲᠤᠬᠠᠢ ᠳᠤᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠦᠨᠳᠦᠰᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾ ᠶᠢᠨ ᠭᠤᠴᠢᠨ ᠳᠥᠷᠪᠡᠳᠦᠭᠡᠷ ᠵᠦᠢᠯ ᠳᠤ ︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠣᠢ ᠰᠢᠭᠤᠢ ᠶᠢᠨ ᠭᠠᠯ ᠢ ᠰᠡᠷᠭᠡᠶᠢᠯᠡᠬᠦ ᠠᠵᠢᠯ ᠢ ᠬᠠᠷᠢᠭᠤᠴᠠᠵᠤ᠂ ᠣᠯᠠᠨ ᠢᠶᠠᠷ ᠢᠶᠠᠨ ᠰᠡᠷᠭᠡᠶᠢᠯᠡᠬᠦ ᠦᠢᠯᠡᠳᠦᠯ ᠢ ᠪᠠᠳᠠᠷᠠᠭᠤᠯᠤᠨ᠎ᠠ︔ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠤᠳᠤᠷᠢᠳᠴᠤ᠂ ᠤᠢ ᠰᠢᠭᠤᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠢᠭᠲᠠ ᠬᠠᠮᠵᠢᠯᠴᠠᠨ ᠤᠢ ᠰᠢᠭᠤᠢ ᠶᠢᠨ ᠭᠠᠯ ᠤᠨ ᠠᠶᠤᠯ ᠢ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠭᠡᠶᠢᠯᠡᠬᠦ ᠂ ᠤᠨᠲᠠᠷᠠᠭᠠᠨ ᠠᠪᠤᠷᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ︔ ( ᠭᠤᠷᠪᠠ ) ᠭᠠᠯ ᠰᠡᠷᠭᠡᠶᠢᠯᠡᠬᠦ ᠲᠥᠬᠦᠭᠡᠷᠦᠮᠵᠢ ᠲᠣᠬᠢᠷᠠᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠲᠣᠨᠣᠭᠯᠠᠯ ᠪᠠ ᠡᠳ᠋ ᠪᠣᠳᠠᠰ ᠢ ᠲᠣᠬᠢᠷᠠᠭᠤᠯᠬᠤ ᠬᠡᠷᠡᠭᠲᠡᠢ︔ ( ᠳᠥᠷᠪᠡ ) ᠤᠢ ᠰᠢᠭᠤᠢ ᠶᠢᠨ ᠭᠠᠯ ᠤᠨ ᠠᠶᠤᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ᠂ ᠲᠡᠯᠳᠠ ᠭᠡᠮ ᠢ ᠴᠠᠭ ᠲᠤᠬᠠᠢ ᠳᠤᠨᠢ ᠠᠷᠢᠯᠭᠠᠬᠤ︔ ( ᠲᠠᠪᠤ ) ᠤᠢ ᠰᠢᠭᠤᠢ ᠶᠢᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠵᠤ᠂ ᠤᠢ ᠰᠢᠭᠤᠢ ᠶᠢᠨ ᠭᠠᠯ ᠤᠨ ᠠᠶᠤᠯ ᠭᠠᠷᠪᠠᠯ᠂ ᠲᠡᠷᠡ ᠳᠠᠷᠤᠢ ᠳᠤᠨᠢ ᠵᠣᠬᠢᠶᠠᠨ ᠪᠠᠶᠢᠭᠤᠯᠵᠤ ᠭᠠᠯ ᠤᠨᠲᠠᠷᠠᠭᠠᠨ᠎ᠠ︾ ᠭᠡᠵᠦ ᠵᠠᠰᠠᠪᠠ᠃      ︵ᠳᠥᠷᠪᠡ︶ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ︽ᠰᠡᠷᠭᠡᠶᠢᠯᠡᠬᠦ ᠪᠠᠷ ᠭᠤᠣᠯ ᠪᠣᠯᠭᠠᠬᠤ᠂ ᠢᠳᠡᠪᠬᠢᠲᠡᠢ ᠪᠠᠷ ᠤᠰᠠᠳᠬᠠᠬᠤ᠂ ᠰᠡᠷᠭᠡᠶᠢᠯᠡᠬᠦ ᠤᠨᠲᠠᠷᠠᠭᠠᠬᠤ ᠶᠢ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠨ᠂ ᠡᠯ᠎ᠡ ᠵᠦᠢᠯ ᠤᠨ  ᠤᠬᠠᠭᠤᠯᠭ᠎ᠠ ᠶᠢᠨ ᠠᠷᠭ᠎ᠠ ᠵᠠᠮ ᠢ  ᠭᠦᠢᠴᠡᠳ ᠠᠰᠢᠭᠯᠠᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠤᠬᠠᠭᠤᠯᠭ᠎ᠠ ᠶᠢᠨ ᠡᠷᠴᠢᠮ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠬᠥᠳᠡᠭᠡ ᠲᠣᠰᠬᠤᠨ ᠬᠤᠶᠠᠷ ᠱᠠᠲᠤᠨ ᠤ ᠺᠠᠳ᠋ᠷ᠂ ᠣᠶ ᠰᠢᠭᠤᠢ ᠬᠠᠮᠠᠭᠠᠯᠠᠭᠴᠢ ᠶᠢ ᠭᠦᠢᠴᠡᠳ ᠳᠠᠶᠢᠴᠢᠯᠠᠨ ᠲᠣᠰᠬᠤᠨ ᠳᠤ ᠣᠴᠢᠭᠤᠯᠵᠤ ᠡᠷᠦᠬᠡ ᠳᠤ ᠣᠴᠢᠭᠤᠯᠤᠨ ᠥᠷᠭᠡᠨ ᠣᠯᠠᠨ ᠲᠦᠮᠡᠨ ᠳᠤ ᠬᠠᠨᠳᠤᠭᠤᠯᠤᠨ ᠤᠬᠠᠭᠤᠯᠵᠤ᠂ ᠪᠥᠬᠦ ᠲᠠᠯ᠎ᠠ ᠪᠠᠷ᠂ ᠪᠦᠬᠦᠨ ᠢ ᠬᠠᠮᠤᠷᠬᠤ ᠶᠢ ᠪᠡᠶᠡᠯᠡᠭᠦᠯᠦᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃      ᠦᠨᠳᠦᠰᠦ ᠪᠠᠷᠢᠮᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠳᠦᠷᠢᠮ︾ ᠤᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ  ︽ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠮᠡᠳᠡᠯᠭᠡ ᠶᠢ ᠲᠦᠭᠡᠮᠡᠯᠵᠢᠭᠦᠯᠦᠨ᠂ ᠠᠷᠠᠳ ᠢᠷᠭᠡᠳ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠢᠨᠲ᠋ᠧᠷ ᠰᠦᠯᠵᠢᠶ᠎ᠡ ᠵᠡᠷᠭᠡ ᠵᠠᠭᠤᠴᠢ ᠪᠠ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠨᠢᠭᠡᠴᠢ ᠨᠦᠭᠦᠳ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠢ︾ ᠭᠡᠵᠦ ᠵᠠᠰᠠᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ