ᠮᠣᠩᠭᠤᠯᠴᠤᠳ ᠤᠨ ᠳᠥᠷᠪᠡᠨ ᠤᠯᠠᠷᠢᠯ ᠤᠨ ᠨᠡᠭᠦᠳᠡᠯ ᠤᠨ ᠵᠠᠩᠰᠢᠯ
ᠨᠡᠶᠢᠲᠡᠯᠡᠭᠰᠡᠨ ᠴᠠᠭ᠄
2023/4/19
      ᠮᠣᠩᠭᠤᠯᠴᠤᠳ ᠲᠠᠪᠤᠨ ᠬᠤᠰᠢᠭᠤ ᠮᠠᠯ ᠢ ᠠᠷᠠᠴᠢᠯᠠᠨ ᠮᠠᠯᠵᠢᠬᠤ ᠦᠢᠯᠡᠳᠪᠦᠷᠢᠯᠡᠯ ᠬᠥᠳᠡᠯᠮᠦᠷᠢ ᠶᠢᠨ ᠶᠠᠪᠤᠴᠠ ᠳᠠᠭᠠᠨ ᠮᠠᠯ ᠠᠵᠤ ᠠᠬᠤᠢ ᠶᠢᠨ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠃ ᠲᠠᠪᠤᠨ ᠬᠤᠰᠢᠭᠤ ᠮᠠᠯ ᠤᠨ ᠠᠳᠠᠯᠢ ᠪᠤᠰᠤ ᠣᠨᠴᠠᠯᠢᠭ ᠪᠣᠯᠤᠨ ᠲᠡᠳᠡᠭᠡᠷ ᠤᠨ ᠴᠠᠭ ᠠᠭᠤᠷ᠂ ᠤᠰᠤ ᠪᠡᠯᠴᠢᠭᠡᠷ ᠤᠨ  ᠲᠣᠬᠢᠷᠠᠴᠠ  ᠶᠢ  ᠦᠨᠳᠦᠰᠦᠯᠡᠵᠦ  ᠳᠥᠷᠪᠡᠨ ᠤᠯᠠᠷᠢᠯ  ᠤᠨ  ᠠᠭᠤᠷ ᠠᠮᠢᠰᠬᠤᠯ  ᠤᠨ ᠪᠠᠶᠢᠳᠠᠯ᠂ ᠬᠤᠷ᠎ᠠ  ᠲᠤᠨᠳᠠᠰᠤ᠂ ᠡᠪᠡᠰᠦ  ᠪᠡᠯᠴᠢᠭᠡᠷ  ᠤᠨ  ᠪᠠᠶᠢᠳᠠᠯ  ᠢ ᠦᠨᠳᠦᠰᠦᠯᠡᠵᠦ᠂ ᠤᠯᠠᠷᠢᠯ ᠢᠶᠠᠷ ᠨᠡᠭᠦᠳᠡᠯᠯᠡᠬᠦ ᠶᠢ ᠤᠷᠲᠤ ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ ᠶᠤᠮ᠃ ᠢᠩᠭᠢᠵᠦ ᠳᠥᠷᠪᠡᠨ ᠤᠯᠠᠷᠢᠯ ᠢᠶᠠᠷ ᠡᠭᠡᠯᠵᠢᠯᠡᠨ ᠨᠡᠭᠦᠳᠡᠯᠯᠡᠬᠦ ᠶᠢ ᠬᠠᠪᠤᠷᠵᠢᠶ᠎ᠠ ᠳᠤ ᠭᠠᠷᠬᠤ᠂ ᠵᠤᠰᠠᠯᠠᠩ ᠳᠤ ᠪᠠᠭᠤᠬᠤ᠂ ᠨᠠᠮᠤᠷᠵᠢᠶ᠎ᠠ ᠳᠤ ᠪᠠᠭᠤᠬᠤ᠂ ᠡᠪᠦᠯᠵᠢᠶ᠎ᠡ ᠳᠤ ᠪᠠᠭᠤᠬᠤ ᠭᠡᠳᠡᠭ᠃      ᠬᠠᠪᠤᠷᠵᠢᠶ᠎ᠠ ᠳᠤ ᠭᠠᠷᠬᠤ      ᠬᠠᠪᠤᠷ ᠤᠨ ᠤᠯᠠᠷᠢᠯ ᠤᠨ ᠨᠡᠭᠦᠳᠡᠯ ᠪᠣᠯ ᠡᠪᠦᠯ ᠤᠨ ᠴᠠᠰᠤ  ᠵᠤᠳ ᠢ ᠭᠡᠲᠦᠯᠦᠨ ᠲᠤᠭᠤᠯᠤᠭᠰᠠᠨ ᠮᠠᠯ ᠰᠦᠷᠦᠭ ᠢ ᠣᠨᠳᠣᠷᠣᠭᠤᠯᠵᠤ᠂ ᠡᠪᠡᠰᠦ ᠪᠡᠯᠴᠢᠭᠡᠷ ᠰᠣᠩᠭᠤᠨ ᠮᠠᠯ ᠤᠨ ᠡᠯᠢᠭᠡᠨ ᠲᠠᠷᠭᠤ ᠠᠪᠤᠭᠤᠯᠬᠤ ᠵᠣᠷᠢᠯᠭ᠎ᠠ ᠲᠠᠢ ᠪᠠᠶᠢᠳᠠᠭ᠃ ᠡᠪᠦᠯ ᠤᠨ ᠲᠠᠰᠬᠢᠮ᠎ᠠ ᠬᠦᠢᠲᠡᠨ᠂ ᠴᠠᠰᠤ ᠵᠤᠳ ᠢ ᠲᠤᠭᠤᠯᠤᠭᠠᠳ᠂ ᠲᠤᠷᠠᠵᠤ ᠡᠴᠡᠭᠰᠡᠨ ᠮᠠᠯ ᠰᠦᠷᠦᠭ ᠲᠣᠰᠣᠨ ᠴᠢᠮᠥᠭᠡ ᠠᠯᠳᠠᠵᠤ᠂ ᠪᠣᠷᠣ  ᠰᠢᠪᠠᠭᠠᠨ ᠴᠢᠮᠥᠭᠡ ᠲᠠᠢ ᠪᠣᠯᠳᠠᠭ ᠤᠴᠢᠷ ᠠᠴᠠ ᠬᠠᠪᠤᠷ ᠤᠨ ᠤᠯᠠᠷᠢᠯ ᠤᠨ ᠨᠡᠭᠦᠳᠡᠯ ᠨᠢ ᠡᠪᠡᠰᠦᠨ ᠤ ᠰᠣᠷ ᠪᠠᠷᠠᠳᠠᠬᠤ ᠶᠢᠨ ᠬᠠᠮᠲᠤ᠂ ᠠᠭᠢ᠂ ᠬᠥᠪᠲᠦ᠂ ᠬᠢᠯᠭᠠᠨ᠎ᠠ  ᠶᠢᠨ  ᠶᠣᠵᠣᠭᠤᠷ  ᠵᠡᠷᠭᠡ  ᠰᠢᠮ᠎ᠡ  ᠰᠠᠶᠢᠲᠤ  ᠤᠷᠭᠤᠮᠠᠯ  ᠲᠠᠢ  ᠵᠥᠭᠡᠯᠡᠨ  ᠬᠥᠷᠥᠰᠥᠲᠦ  ᠪᠡᠯᠴᠢᠭᠡᠷ  ᠳᠠᠭᠠᠵᠤ᠂ ᠡᠳᠦᠷ ᠲᠤ ᠨᠢᠭᠡ ᠤᠳᠠᠭ᠎ᠠ ᠤᠰᠤᠯᠠᠨ᠂ ᠮᠠᠯ ᠢ ᠨᠣᠭᠤᠭᠠᠨ ᠳᠤ ᠴᠠᠳᠬᠠᠭᠠᠳ᠂ ᠦᠶ᠎ᠡ ᠭᠡᠰᠢᠭᠦᠦ ᠶᠢ ᠨᠢ ᠴᠢᠩᠭᠠᠷᠠᠭᠤᠯᠬᠤ᠂ ᠲᠦᠷᠭᠡᠨ ᠭᠡᠳᠡᠰᠦᠯᠡᠭᠦᠯᠬᠦ ᠶᠢ ᠠᠩᠬᠠᠷᠬᠤ ᠨᠢ ᠶᠠᠭᠤᠨ ᠠᠴᠠ ᠴᠤ ᠴᠢᠬᠤᠯᠠ ᠪᠠᠶᠢᠳᠠᠭ᠃
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ