ᠮᠣᠩᠭᠤᠯᠴᠤᠳ ᠤᠨ ᠳᠥᠷᠪᠡᠨ ᠤᠯᠠᠷᠢᠯ ᠤᠨ ᠨᠡᠭᠦᠳᠡᠯ ᠤᠨ ᠵᠠᠩᠰᠢᠯ ︵ᠬᠤᠶᠠᠷ︶
ᠨᠡᠶᠢᠲᠡᠯᠡᠭᠰᠡᠨ ᠴᠠᠭ᠄
2023/4/19
      ᠮᠣᠩᠭᠤᠯᠴᠤᠳ ᠲᠠᠪᠤᠨ ᠬᠤᠰᠢᠭᠤ ᠮᠠᠯ ᠢ ᠠᠷᠠᠴᠢᠯᠠᠨ ᠮᠠᠯᠵᠢᠬᠤ ᠦᠢᠯᠡᠳᠪᠦᠷᠢᠯᠡᠯ ᠬᠥᠳᠡᠯᠮᠦᠷᠢ ᠶᠢᠨ ᠶᠠᠪᠤᠴᠠ ᠳᠠᠭᠠᠨ ᠮᠠᠯ ᠠᠵᠤ ᠠᠬᠤᠢ ᠶᠢᠨ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠃ ᠲᠠᠪᠤᠨ ᠬᠤᠰᠢᠭᠤ ᠮᠠᠯ ᠤᠨ ᠠᠳᠠᠯᠢ ᠪᠤᠰᠤ ᠣᠨᠴᠠᠯᠢᠭ ᠪᠣᠯᠤᠨ ᠲᠡᠳᠡᠭᠡᠷ ᠤᠨ ᠴᠠᠭ ᠠᠭᠤᠷ᠂ ᠤᠰᠤ ᠪᠡᠯᠴᠢᠭᠡᠷ ᠤᠨ ᠲᠣᠬᠢᠷᠠᠴᠠ ᠶᠢ ᠦᠨᠳᠦᠰᠦᠯᠡᠵᠦ  ᠳᠥᠷᠪᠡᠨ  ᠤᠯᠠᠷᠢᠯ ᠤᠨ  ᠠᠭᠤᠷ  ᠠᠮᠢᠰᠬᠤᠯ  ᠤᠨ  ᠪᠠᠶᠢᠳᠠᠯ᠂ ᠬᠤᠷ᠎ᠠ  ᠲᠤᠨᠳᠠᠰᠤ᠂ ᠡᠪᠡᠰᠦ  ᠪᠡᠯᠴᠢᠭᠡᠷ  ᠤᠨ  ᠪᠠᠶᠢᠳᠠᠯ  ᠢ ᠦᠨᠳᠦᠰᠦᠯᠡᠵᠦ᠂ ᠤᠯᠠᠷᠢᠯ ᠢᠶᠠᠷ ᠨᠡᠭᠦᠳᠡᠯᠯᠡᠬᠦ ᠶᠢ ᠤᠷᠲᠤ ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ ᠶᠤᠮ᠃ ᠢᠩᠭᠢᠵᠦ ᠳᠥᠷᠪᠡᠨ ᠤᠯᠠᠷᠢᠯ ᠢᠶᠠᠷ ᠡᠭᠡᠯᠵᠢᠯᠡᠨ ᠨᠡᠭᠦᠳᠡᠯᠯᠡᠬᠦ ᠶᠢ ᠬᠠᠪᠤᠷᠵᠢᠶ᠎ᠠ ᠳᠤ ᠭᠠᠷᠬᠤ᠂ ᠵᠤᠰᠠᠯᠠᠩ ᠳᠤ ᠪᠠᠭᠤᠬᠤ᠂ ᠨᠠᠮᠤᠷᠵᠢᠶ᠎ᠠ ᠳᠤ ᠪᠠᠭᠤᠬᠤ᠂ ᠡᠪᠦᠯᠵᠢᠶ᠎ᠡ ᠳᠤ ᠪᠠᠭᠤᠬᠤ ᠭᠡᠳᠡᠭ᠃      ᠵᠤᠰᠠᠯᠠᠩ ᠳᠤ ᠪᠠᠭᠤᠬᠤ      ᠵᠤᠨ ᠤ ᠤᠯᠠᠷᠢᠯ ᠤᠨ ᠨᠡᠭᠦᠳᠡᠯ ᠨᠢ ᠮᠠᠯ ᠰᠦᠷᠦᠭ ᠤᠨ ᠮᠢᠬᠠᠨ ᠲᠠᠷᠭᠤ ᠠᠪᠤᠭᠤᠯᠬᠤ ᠵᠣᠷᠢᠯᠲᠠ ᠲᠠᠢ ᠪᠣᠯᠬᠤᠷ᠂ ᠠᠭᠤᠯᠠ ᠶᠢᠨ ᠠᠷᠤ᠂ ᠳᠡᠨᠵᠢ᠂ ᠲᠠᠯ᠎ᠠ ᠶᠢᠨ ᠬᠥᠨᠳᠡᠢ ᠶᠢᠨ ᠠᠭᠢ᠂ ᠬᠠᠵᠠᠭᠠᠷ᠂  ᠬᠢᠶᠠᠭ  ᠵᠡᠷᠭᠡ  ᠨᠠᠷᠢᠨ ᠠᠮᠲᠠᠯᠢᠭ  ᠤᠷᠭᠤᠮᠠᠯ  ᠲᠠᠢ  ᠪᠡᠯᠴᠢᠭᠡᠷ  ᠢ  ᠰᠣᠩᠭᠤᠵᠤ᠂ ᠡᠳᠦᠷ  ᠲᠤ  ᠨᠢᠭᠡ ᠠᠴᠠ  ᠬᠤᠶᠠᠷ ᠤᠳᠠᠭ᠎ᠠ  ᠤᠰᠤᠯᠠᠨ᠂ ᠡᠷᠲᠡᠯᠡᠨ ᠪᠡᠯᠴᠢᠭᠡᠵᠦ᠂ ᠣᠷᠣᠢ ᠬᠤᠲᠠᠯᠠᠬᠤ ᠶᠢ ᠪᠠᠷᠢᠮᠲᠠᠯᠠᠨ ᠦᠳᠡ ᠶᠢᠨ ᠬᠠᠯᠠᠭᠤᠨ ᠳᠤ ᠠᠭᠤᠯᠠᠨ ᠣᠷᠣᠢ᠂ ᠳᠣᠪᠣᠷᠴᠠᠭ  ᠭᠠᠵᠠᠷ ᠢᠶᠠᠷ ᠵᠣᠭᠰᠣᠭᠠᠬᠤ ᠶᠢ ᠠᠩᠬᠠᠷᠳᠠᠭ᠃ ᠵᠤᠨ ᠤ ᠡᠬᠢᠨ ᠰᠠᠷ᠎ᠠ ᠶᠢᠨ ᠦᠶ᠎ᠡ ᠠᠴᠠ ᠮᠠᠯ ᠰᠦᠷᠦᠭ ᠢ ᠰᠠᠯᠬᠢᠨ ᠤ ᠥᠭᠡᠳᠡ ᠤᠷᠤᠭᠤ ᠲᠣᠭᠲᠠᠮᠠᠯ ᠪᠡᠯᠴᠢᠭᠡᠨ ᠬᠦᠯᠦᠷᠡᠭᠡᠪᠡᠯ᠂ ᠤᠩᠭᠠᠰᠤ ᠨᠣᠣᠰᠣ ᠨᠢ ᠬᠥᠭᠡᠷᠬᠦ ᠳᠤ ᠠᠮᠠᠷᠬᠠᠨ ᠪᠥᠭᠡᠳ ᠮᠠᠯ ᠤᠨ ᠰᠢᠷ᠎ᠠ ᠦᠰᠦᠨ ᠤ ᠰᠦᠪᠡ ᠨᠡᠭᠡᠭᠡᠭᠳᠡᠨ᠂ ᠲᠠᠷᠭᠤ ᠠᠪᠬᠤ ᠳᠤ ᠰᠠᠶᠢᠨ ᠪᠠᠶᠢᠳᠠᠭ᠃ ᠵᠤᠨ ᠤ ᠳᠤᠮᠳᠠ ᠰᠠᠷ᠎ᠠ ᠠᠴᠠ ᠡᠬᠢᠯᠡᠨ ᠪᠤᠭ ᠮᠠᠯ ᠢ ᠨᠣᠭᠤᠭᠠᠨ ᠤ ᠰᠢᠭᠦᠳᠡᠷᠢ ᠪᠠᠭᠤᠭᠰᠠᠨ ᠤ ᠬᠤᠶᠢᠨ᠎ᠠ ᠪᠡᠯᠴᠢᠭᠡᠬᠦ ᠪᠠ ᠵᠠᠩᠭᠤᠤ᠂ ᠰᠢᠪᠡᠭᠡ᠂ ᠬᠠᠷᠭᠠᠨ᠎ᠠ  ᠵᠡᠷᠭᠡ ᠥᠷᠭᠡᠰᠦᠲᠦ ᠤᠷᠭᠤᠮᠠᠯ ᠪᠦᠬᠦᠢ ᠪᠡᠯᠴᠢᠭᠡᠷ ᠠᠴᠠ ᠵᠠᠶᠢᠯᠠᠭᠤᠯᠳᠠᠭ ᠨᠢ ᠮᠠᠯ ᠤᠨ ᠲᠤᠭᠤᠷᠠᠢ ᠶᠢᠨ ᠰᠠᠯᠠᠭ᠎ᠠ ᠭᠡᠮᠲᠦᠬᠦ᠂ ᠤᠩᠭᠠᠰᠤ ᠨᠣᠣᠰᠣ ᠭᠡᠭᠡᠭᠳᠡᠬᠦ ᠠᠴᠠ ᠰᠡᠷᠭᠡᠶᠢᠯᠡᠭᠰᠡᠨ ᠮᠠᠯᠴᠢᠨ ᠠᠷᠠᠳ ᠤᠨ ᠮᠠᠯ ᠮᠠᠯᠵᠢᠬᠤ ᠤᠷ᠎ᠠ ᠤᠬᠠᠭᠠᠨ ᠤ ᠢᠯᠡᠷᠡᠯ ᠪᠣᠯᠬᠤ ᠶᠤᠮ᠃
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ