ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠯᠴᠢᠳ ᠤᠨ ᠨᠡᠶᠢᠭᠡᠮᠯᠢᠭ᠂ ᠢᠷᠠᠭᠤ | ᠨᠠᠶᠢᠷᠠᠭ ᠤᠨ ᠨᠡᠶᠢᠭᠡᠮᠯᠢᠭ ᠠᠴᠠ25 ᠳᠠᠬᠢ ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ ᠢ ᠨᠢᠵᠢᠭᠢᠷ ᠰᠠᠶᠢᠬᠠᠨ ᠲᠡᠮᠳᠡᠭᠯᠡᠯ᠎ᠡ᠃ ᠢᠷᠠᠭᠤ ᠨᠠᠶᠢᠷᠠᠭ ᠨᠢ ᠬᠥᠮᠦᠨ ᠤ | ᠰᠡᠳᠬᠢᠯ ᠤᠨ ᠬᠥᠳᠡᠯᠭᠡᠭᠡᠨ᠂ ᠬᠦᠰᠡᠯ ᠡᠷᠡᠮᠡᠯᠵᠡᠯ᠂ ᠢᠲᠡᠭᠡᠯ ᠦᠨᠡᠮᠰᠢᠯ ᠢ ᠬᠡᠯᠡᠨ ᠤ ᠤᠷᠠᠯᠢᠭ ᠢᠶᠠᠷ ᠢᠯᠡᠳᠬᠡᠵᠦ ᠪᠠᠶᠢᠳᠠᠭ ᠤᠨ ᠤᠴᠢᠷ ᠪᠦᠬᠦ ᠳᠡᠯᠡᠬᠡᠢ ᠶᠢᠨ ᠢᠷᠠᠭᠤ | ᠨᠠᠶᠢᠷᠠᠭᠴᠢᠳ ᠦᠨᠳᠦᠰᠦᠲᠡᠨ ᠠᠷᠠᠰᠤᠲᠠᠨ᠂ ᠭᠠᠵᠠᠷ ᠣᠷᠣᠨ᠂ ᠨᠠᠰᠤ ᠵᠢᠯ᠂ ᠬᠦᠢᠰᠦ ᠴᠢᠨᠠᠷ ᠢᠯᠭᠠᠯ ᠦᠭᠡᠢ᠂ ᠢᠷᠠᠭᠤ ᠨᠠᠶᠢᠷᠠᠭ ᠲᠤ ᠪᠠᠭ᠋ᠠᠲᠠᠢ ᠬᠥᠮᠦᠰ ᠵᠢᠯ | ᠪᠦᠷᠢ ᠶᠢᠨ ᠡᠨᠡ ᠡᠳᠦᠷ ᠢᠶᠠᠨ ᠪᠠᠶᠠᠷᠯᠠᠨ ᠲᠡᠮᠳᠡᠭᠯᠡᠳᠡᠭ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠳᠤ ︽ᠤᠷᠠᠳ ᠸᠢᠴᠠᠲ ᠪᠣᠭᠤᠨᠢ ᠥᠭᠦᠯᠡᠯᠭᠡ ᠶᠢᠨ ᠤᠷᠤᠯᠳᠤᠭᠠᠨ︾ ᠪᠠ ︽ᠤᠷᠠᠳ ᠸᠢᠴᠠᠲ ᠰᠢᠯᠦᠭ ᠤᠨ ᠨᠠᠭᠠᠳᠤᠮ55︾ | ᠶᠢᠨ ᠱᠠᠩᠨᠠᠯ ᠣᠯᠭᠤᠬᠤ ᠶᠣᠰᠣᠯᠠᠯ ᠢ ᠶᠠᠪᠤᠭᠳᠠᠭᠤᠯᠤᠯ᠎ᠠ᠃ ᠪᠣᠭᠤᠨᠢ ᠥᠭᠦᠯᠡᠯᠭᠡ ᠶᠢᠨ ᠤᠷᠤᠯᠳᠤᠭᠠᠨ ᠳᠤ ᠪᠠᠶᠠᠨᠨᠠᠭᠤᠷ ᠬᠤᠲᠠ ᠶᠢᠨ ᠬᠡᠪᠴᠢᠶᠡᠨ ᠤ16 ᠵᠣᠬᠢᠶᠠᠯᠴᠢ | ᠣᠷᠣᠯᠴᠠᠵᠤ᠂ ᠤᠷᠠᠳ ᠤᠨ ᠳᠤᠮᠳᠠᠳᠤ ᠬᠤᠰᠢᠭᠤᠨ ᠤ ᠪᠠᠶᠠᠨᠪᠢᠯᠢᠭ᠌ ︽ᠰᠡᠭᠦᠯᠴᠢ ᠶᠢᠨ ᠵᠢᠷᠤᠭ︾ ᠭᠡᠬᠦ ᠵᠣᠬᠢᠶᠠᠯ ᠢᠶᠠᠷ ᠢᠶᠠᠨ ᠮᠠᠩᠯᠠᠶᠢᠯᠠᠨ᠂ ᠤᠷᠠᠳ ᠤᠨ ᠬᠤᠶᠢᠲᠤ | ᠬᠤᠰᠢᠭᠤᠨ ᠤ ᠪ᠊᠂ ᠠᠯᠲᠠᠨᠴᠡᠴᠡᠭ ︽ ᠨᠤᠭᠲᠣᠴᠢᠨ ᠪᠣᠯᠬᠤ ᠪᠠᠷ ᠳᠡᠷᠪᠡᠭᠰᠡᠨ ᠨᠢ︾᠂ ᠤᠷᠠᠳ ᠤᠨ ᠳᠤᠮᠳᠠᠳᠤ ᠬᠤᠰᠢᠭᠤᠨ ᠤ ᠲ᠊᠂ ᠤᠷᠠᠨ᠎ᠠ ︽ᠨᠤᠲᠤᠭ ᠤᠨ | ᠥᠩᠭᠡ︾ ᠭᠡᠬᠦ ᠵᠣᠬᠢᠶᠠᠯ ᠢᠶᠠᠷ ᠢᠶᠠᠨ ᠳᠡᠳ᠋ ᠪᠠᠶᠢᠷᠢᠨ ᠳᠤ ᠲᠣᠳᠣᠷᠠᠯ᠎ᠠ᠃ 55 ᠳ᠋ᠤᠭᠠᠷ ᠤᠳᠠᠭᠠᠨ ᠤ ︽ᠤᠷᠠᠳ ᠸᠢᠴᠠᠲ ᠰᠢᠯᠦᠭ ᠤᠨ ᠨᠠᠭᠠᠳᠤᠮ︾ ᠤᠨ ︽ᠪᠢ | ᠢᠷᠠᠭᠤ ᠨᠠᠶᠢᠷᠠᠭ ᠢᠶᠠᠷ ᠭᠤᠶᠣᠳᠠᠭ︾ ᠢᠵᠢᠯᠢ ᠭᠠᠷᠴᠠᠭᠲᠤ ᠰᠢᠯᠦᠭ ᠤᠨ ᠨᠠᠭᠠᠳᠤᠮ ᠤᠨ ᠰᠢᠯᠭᠠᠷᠠᠭᠤᠯᠤᠯᠲᠠ ᠳᠤ ᠪᠠᠭᠠᠷᠢᠨ ᠪᠠᠷᠠᠭᠤᠨ ᠬᠤᠰᠢᠭᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠬᠢᠭᠡᠳ ᠤᠷᠠᠳ ᠤᠨ ᠭᠤᠷᠪᠠᠨ ᠬᠤᠰᠢᠭᠤ ᠵᠡᠷᠭᠡ ᠭᠠᠵᠠᠷ ᠤᠨ32 ᠢᠷᠠᠭᠤ ᠨᠠᠶᠢᠷᠠᠭᠴᠢ ᠣᠷᠣᠯᠴᠠᠨ᠂ ᠪᠠᠭᠠᠷᠢᠨ ᠪᠠᠷᠠᠭᠤᠨ | ᠬᠤᠰᠢᠭᠤᠨ ᠤ ᠮ᠊᠂ ᠴᠢᠩᠪᠠᠲᠤ ᠲᠡᠷᠢᠭᠦᠨ ᠪᠠᠶᠢᠷᠢᠨ ᠳᠤ ᠰᠠᠭᠠᠲᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬ᠋᠊᠂ ᠪᠢᠯᠢᠭᠪᠡᠭᠠᠲᠤᠷ᠂ ᠤᠷᠠᠳ ᠤᠨ | ᠳᠤᠮᠳᠠᠳᠤ ᠬᠤᠰᠢᠭᠤᠨ ᠤ ᠦ᠊᠂ ᠴᠡᠩᠭᠡᠯᠲᠦ ᠳᠡᠳ᠋ ᠪᠠᠶᠢᠷᠢᠨ ᠳᠤ ᠲᠣᠳᠣᠷᠠᠯ᠎ᠠ᠃ ᠡᠭᠦᠨ ᠤ ᠳᠠᠭᠠᠤ ᠤᠷᠠᠳ ᠤᠨ ᠳᠤᠮᠳᠠᠳᠤ ᠬᠤᠰᠢᠭᠤᠨ ᠤ ᠵᠣᠬᠢᠶᠠᠯᠴᠢ ᠨᠣᠰᠣᠷᠠᠨ | ᠥᠪᠡᠷ ᠤᠨ ᠵᠣᠬᠢᠶᠠᠯ ᠤᠨ ᠲᠡᠭᠦᠪᠦᠷᠢ ᠪᠠᠨ ᠪᠡᠯᠡᠭᠯᠡᠵᠦ᠂ ᠪᠡᠯᠡᠨ ᠰᠢᠯᠦᠭ ᠤᠨ ᠮᠥᠷᠥᠶᠢᠴᠡᠭᠡᠨ ᠬᠢᠭᠡᠳ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ | ᠶᠠᠪᠤᠭᠳᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠢᠭᠡᠳ ᠤᠷᠠᠳ ᠤᠨ ᠭᠤᠷᠪᠠᠨ ᠬᠤᠰᠢᠭᠤ ᠠᠴᠠ ᠬᠦᠷᠦᠯᠴᠡᠨ ᠢᠷᠡᠭᠰᠡᠨ ᠢᠷᠠᠭᠤ ᠨᠠᠶᠢᠷᠠᠭᠴᠢᠳ | ᠮᠠᠨᠢ ᠥᠪᠡᠷ ᠥᠪᠡᠷ ᠤᠨ ᠤᠷ᠎ᠠ ᠠᠪᠢᠶᠠᠰ ᠢᠶᠠᠨ ᠭᠠᠶᠢᠬᠠᠭᠤᠯᠤᠨ ᠰᠢᠯᠦᠭ ᠤᠶᠠᠩᠭᠠᠯᠠᠵᠤ᠂ ︽ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ︾ ᠢ ᠪᠡᠯᠭᠡᠯᠡᠬᠦ | ᠠᠵᠢᠯᠯᠠᠭ᠎ᠠ ᠳᠤ ᠬᠦᠷ ᠬᠥᠭᠵᠢᠶᠡᠨ ᠨᠡᠮᠡᠯ᠎ᠡ᠃ |