︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ︵ᠨᠢᠭᠡ︶
ᠨᠡᠶᠢᠲᠡᠯᠡᠭᠰᠡᠨ ᠴᠠᠭ᠄
2023/5/10
      ᠬᠦᠷᠢᠶᠡᠯᠡᠩ ᠲᠣᠭᠤᠷᠢᠭ ᠤᠨ ᠲᠤᠬᠠᠢ      ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠶᠡᠷᠦᠩᠬᠡᠢ ᠬᠡᠯᠲᠡᠰ ᠤᠨ ᠰᠠᠭᠤᠷᠢᠨ ᠢ ᠪᠠᠶᠢᠭᠤᠯᠤᠭᠰᠠᠨ ᠲᠠᠯᠠᠪᠠᠢ ᠨᠢ 11.5 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠪᠦᠬᠦ ᠤᠯᠤᠰ ᠤᠨ ᠠᠩᠬᠠᠳᠠᠭᠴᠢ ᠮᠠᠯ ᠲᠠᠷᠢᠶᠠᠯᠠᠩ  ᠤᠨ ᠪᠦᠲᠦᠭᠡᠭᠳᠡᠬᠦᠨ ᠤ ᠪᠦᠬᠦ ᠠᠵᠤ ᠦᠢᠯᠡᠰ ᠤᠨ ᠬᠡᠯᠬᠢᠶ᠎ᠡ ᠪᠠᠷ ᠭᠤᠣᠯ ᠪᠣᠯᠭᠠᠭᠰᠠᠨ ᠶᠡᠷᠦᠩᠬᠡᠶᠢᠯᠡᠭᠰᠡᠨ ᠲᠠᠷᠢᠶᠠᠯᠠᠩ ᠤᠨ CBD ᠲᠥᠪ ᠪᠣᠯᠵᠤ᠂ ᠪᠦᠬᠦ ᠤᠯᠤᠰ ᠤᠨ ᠬᠡᠪᠴᠢᠶᠡᠨ ᠳᠠᠬᠢ ᠰᠢᠯᠢᠳᠡᠭ ᠠᠵᠤ ᠦᠢᠯᠡᠰ ᠤᠨ ᠡᠬᠢ ᠪᠠᠶᠠᠯᠢᠭ ᠢ ᠨᠡᠶᠢᠳᠬᠡᠵᠦ᠂ ︽ᠲᠠᠷᠢᠶᠠᠯᠠᠩ ᠎ ︾᠎  ᠨᠡᠷᠡᠮᠵᠢᠲᠦ ᠲᠣᠯᠣᠭᠠᠶᠢᠯᠠᠭᠴᠢ ᠠᠵᠤ ᠠᠬᠤᠶᠢᠯᠠᠯ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠵᠤ ᠠᠬᠤᠶᠢᠯᠠᠯ ᠵᠡᠷᠭᠡ ᠠᠵᠤ ᠠᠬᠤᠢ ᠶᠢᠨ ᠭᠤᠣᠯ ᠴᠣᠭᠴᠠ ᠶᠢ ᠡᠯᠰᠡᠨ ᠣᠷᠣᠭᠤᠯᠵᠤ ᠬᠥᠭᠵᠢᠭᠦᠯᠬᠦ ᠪᠠᠷ ᠪᠤᠢ᠃ ᠴᠢᠳᠠᠪᠤᠷᠢᠲᠠᠨ ᠤ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡ᠂ ᠡᠳ᠋ ᠪᠣᠳᠠᠰ ᠤᠨ ᠭᠦᠢᠯᠭᠡᠭᠡ᠂ ᠪᠡᠯᠡ ᠮᠥᠩᠭᠦ ᠶᠢᠨ ᠭᠦᠢᠯᠭᠡᠭᠡᠨ ᠤ ᠴᠤᠭᠯᠠᠷᠠᠯ ᠢ ᠪᠤᠢ ᠪᠣᠯᠭᠠᠵᠤ᠂ ᠵᠠᠭᠤᠨ ᠳ᠋ᠦᠩᠰᠢᠭᠤᠷ ᠤᠨ ᠰᠠᠭᠤᠷᠢᠨ ᠭᠠᠵᠠᠷ ᠢ ᠪᠠᠶᠢᠭᠤᠯᠵᠤ᠂ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠢᠯᠠᠰ ᠴᠡᠭ᠂ ᠰᠢᠨ᠎ᠡ ᠬᠥᠳᠡᠯᠭᠡᠬᠦ ᠬᠦᠴᠦᠨ᠂ ᠰᠢᠨ᠎ᠡ  ᠭᠠᠵᠠᠷ ᠢ ᠪᠤᠢ ᠪᠣᠯᠭᠠᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ