ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠪᠠᠲᠤᠯᠠᠵᠤ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠪᠠ | ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠵᠥᠷᠢᠴᠡᠯ ᠢ ᠦᠨᠡᠨ ᠬᠦ ᠨᠠᠮᠳᠠᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ | ᠣᠯᠠᠨ ᠲᠦᠮᠡᠨ ᠤ ᠢᠳᠡᠪᠬᠢᠵᠢᠯ ᠢ ᠴᠢᠩᠭᠠᠷᠠᠭᠤᠯᠬᠤ ᠪᠤᠰᠤᠳᠴᠢ ᠬᠡᠷᠡᠭᠴᠡᠭᠡ ᠠᠴᠠ ᠡᠭᠦᠰᠴᠦ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠷᠠᠢ ᠳᠡᠭᠡᠷᠡᠬᠢ ᠬᠡᠭᠡᠷ᠎ᠡ ᠶᠢᠨ | ᠠᠮᠢᠲᠠᠨ ᠤ ᠤᠴᠠᠷᠠᠭᠤᠯᠤᠭᠰᠠᠨ ᠬᠥᠨᠥᠭᠡᠯ ᠳᠤ ᠨᠥᠬᠦᠪᠦᠷᠢ ᠣᠯᠭᠤᠬᠤ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ [2023] 8 | ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠪᠠᠷ ᠢᠶᠠᠨ ︽ᠠᠷᠭ᠎ᠠ︾ ᠶᠢᠨ ᠬᠠᠮᠢᠶ᠎ᠠ | ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠦᠨᠡᠨ ᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | ᠣᠶᠢᠷ᠎ᠠ ᠶᠢᠨ ᠵᠢᠯ ᠤᠳ ᠲᠤ᠂ ᠪᠠᠶᠢᠭᠠᠯᠢ ᠶᠢᠨ ᠣᠶ ᠰᠢᠭᠤᠢ ᠶᠢ ᠬᠠᠮᠠᠭᠠᠯᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠵᠡᠷᠭᠡ ᠴᠢᠬᠤᠯᠠ ᠶᠡᠭᠡ | ᠢᠨᠵᠧᠨᠧᠷᠢᠩ ᠢ ᠶᠡᠭᠡ ᠪᠠᠷ ᠬᠡᠷᠡᠭᠵᠢᠭᠦᠯᠬᠦ ᠶᠢ ᠳᠠᠭᠠᠯᠳᠤᠨ᠂ ᠪᠥᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠬᠡᠭᠡᠷ᠎ᠡ ᠶᠢᠨ | ᠠᠮᠢᠲᠠᠨ ᠤ ᠳᠦᠷᠰᠦ ᠶᠢᠨ ᠰᠦᠷᠦᠭ ᠪᠠ ᠲᠤᠭ᠎ᠠ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠪᠡ᠃ ᠡᠭᠦᠨ ᠤ ᠳᠠᠭᠠᠤ ᠳᠤ ᠬᠡᠭᠡᠷ᠎ᠡ ᠶᠢᠨ ᠠᠮᠢᠲᠠᠨ ᠤ ᠠᠵᠢᠯᠯᠠᠭᠠᠨ ᠤ | ᠬᠡᠪᠴᠢᠶ᠎ᠡ ᠪᠠ ᠢᠳᠡᠰᠢᠯᠡᠬᠦ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠬᠡᠭᠡᠷ᠎ᠡ ᠶᠢᠨ ᠠᠮᠢᠲᠠᠨ ᠤ ᠲᠠᠷᠢᠶ᠎ᠠ ᠲᠥᠮᠥᠰᠥ ᠶᠢ ᠬᠤᠬᠢᠷᠠᠭᠤᠯᠬᠤ᠂ ᠣᠶ ᠮᠣᠳᠣ ᠶᠢ | ᠡᠪᠳᠡᠬᠦ ᠵᠡᠷᠭᠡ ᠬᠡᠷᠡᠭ ᠪᠠᠶᠢᠨ ᠳᠠᠬᠢᠨ ᠡᠭᠦᠰᠴᠦ᠂ ᠴᠢᠨᠠᠭᠰᠢᠯᠠᠪᠠᠯ ᠠᠷᠠᠳ ᠣᠯᠠᠨ ᠤ ᠪᠡᠶ᠎ᠡ ᠶᠢᠨ ᠠᠮᠤᠷ ᠲᠦᠪᠰᠢᠨ ᠢ ᠰᠦᠷᠳᠡᠭᠦᠯᠵᠦ ᠪᠠᠶᠢᠨ᠎ᠠ᠃ | 2020 ᠣᠨ ᠳᠤ᠂ ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠬᠡᠭᠡᠷ᠎ᠡ ᠶᠢᠨ ᠠᠮᠢᠲᠠᠨ ᠢ | ᠳᠤᠷ᠎ᠠ ᠪᠠᠷ ᠢᠶᠠᠨ ᠢᠳᠡᠬᠦ ᠪᠣᠯᠬᠢ ᠳᠠᠳᠬᠠᠯ ᠢ ᠠᠷᠢᠯᠭᠠᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠢ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ | ᠲᠣᠪᠴᠢᠯᠠᠨ᠎ᠠ︶ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ︽ᠲᠣᠭᠲᠠᠭᠠᠯ︾ ᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠭᠡᠷ᠎ᠡ ᠶᠢᠨ ᠠᠮᠢᠲᠠᠨ ᠢ | ᠬᠥᠮᠥᠨ ᠤ ᠬᠦᠴᠦ ᠪᠠᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠤᠬᠤᠷᠢᠨ ᠭᠠᠷᠴᠤ ᠰᠢᠯᠵᠢᠭᠦᠯᠦᠨ ᠥᠭᠬᠦ ᠪᠠ ᠲᠡᠵᠢᠭᠡᠵᠦ ᠪᠠᠶᠢᠭ᠎ᠠ ᠠᠮᠢᠲᠠᠨ ᠢ ᠰᠢᠢᠳᠪᠦᠷᠢᠯᠡᠬᠦ | ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠪᠥᠬᠦ ᠣᠷᠣᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠪᠠ ᠠᠰᠢᠭᠯᠠᠬᠤ ᠠᠵᠢᠯᠯᠠᠭ᠎ᠠ ᠶᠢ ᠵᠢᠷᠤᠮᠵᠢᠭᠤᠯᠵᠤ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠂ ᠡᠨᠡ ᠨᠢ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ | ᠬᠤᠶᠠᠷ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ ᠠᠷᠪᠠ ᠶᠢᠰᠦᠳᠦᠭᠡᠷ ᠵᠦᠢᠯ ᠤᠨ | ᠨᠢᠭᠡᠳᠦᠭᠡᠷ ᠪᠠᠳᠠᠭ ᠤᠨ ᠲᠣᠭᠲᠠᠭᠠᠯ ᠢ ᠦᠨᠳᠦᠰᠦᠯᠡᠪᠡᠯ᠄ ︽ᠤᠯᠤᠰ ᠤᠨ ᠭᠤᠣᠯᠳᠠᠯᠭ᠎ᠠ ᠲᠠᠢ ᠬᠠᠮᠠᠭᠠᠯᠠᠵᠤ ᠪᠠᠶᠢᠭ᠎ᠠ ᠬᠡᠭᠡᠷ᠎ᠡ ᠶᠢᠨ ᠠᠮᠢᠲᠠᠨ ᠪᠠ ᠠᠮᠢ ᠠᠬᠤᠢ ᠶᠢᠨ᠂ | ᠰᠢᠨᠵᠢᠯᠡᠬᠦ ᠤᠬᠠᠭᠠᠨ ᠤ᠂ ᠨᠡᠶᠢᠭᠡᠮ ᠤᠨ ᠴᠢᠬᠤᠯᠠ ᠦᠨ᠎ᠡ ᠦᠷᠲᠡᠭ ᠪᠦᠬᠦᠢ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠭᠰᠠᠨ ᠠᠴᠠ ᠪᠣᠯᠵᠤ ᠬᠥᠮᠥᠨ | ᠦᠬᠦᠵᠦ ᠰᠢᠷᠬᠠᠲᠤᠬᠤ᠂ ᠲᠠᠷᠢᠮᠠᠯ ᠪᠤᠶᠤ ᠪᠤᠰᠤᠳ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠣᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ | ᠣᠷᠳᠣᠨ ᠠᠴᠠ ᠨᠥᠬᠦᠪᠦᠷᠢ ᠣᠯᠭᠤᠨ᠎ᠠ᠃ ᠪᠣᠳᠠᠲᠠᠢ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠲᠣᠭᠲᠠᠭᠠᠨ᠎ᠠ︾ ᠭᠡᠵᠦ ᠲᠣᠭᠲᠠᠭᠠᠵᠠᠢ᠃ ᠡᠨᠡ ᠬᠦ ᠲᠣᠭᠲᠠᠭᠠᠯ ᠨᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠠᠷᠭ᠎ᠠ︾ ᠶᠢᠨ ᠬᠠᠤᠯᠢ | ᠴᠠᠭᠠᠵᠠ ᠶᠢᠨ ᠦᠨᠳᠦᠰᠦᠯᠡᠯ ᠪᠣᠯᠬᠤ ᠪᠠᠷ ᠪᠠᠷᠠᠬᠤ ᠦᠭᠡᠢ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠣᠯᠣᠨ᠎ᠠ᠃ | ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ | ︽ᠠᠷᠭ᠎ᠠ︾ ᠳᠤ ᠨᠡᠶᠢᠲᠡ 17 ᠵᠦᠢᠯ ᠪᠠᠶᠢᠵᠤ᠂ ᠭᠤᠣᠯᠳᠠᠭᠤ ᠳᠣᠣᠷᠠᠬᠢ ᠠᠭᠤᠯᠭ᠎ᠠ ᠨᠤᠭᠤᠳ ᠢ ᠪᠠᠭᠲᠠᠭᠠᠨ᠎ᠠ᠄ | ᠨᠢᠭᠡ ᠳᠤ᠂ ᠨᠥᠬᠦᠪᠦᠷᠢ ᠣᠯᠭᠤᠬᠤ ᠭᠤᠣᠯ ᠴᠣᠭᠴᠠ ᠶᠢ ᠲᠣᠳᠣᠷᠬᠠᠶᠢᠯᠠᠪᠠ᠃ ︽ᠠᠷᠭ᠎ᠠ︾ ᠳᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ | ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠥᠮᠥᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠰᠦᠢᠳᠦᠯ ᠢ ᠬᠢᠨᠠᠨ ᠬᠠᠷᠭᠤᠭᠤᠯᠬᠤ᠂ ᠮᠠᠭᠠᠳᠯᠠᠨ | ᠲᠣᠭᠲᠠᠭᠠᠬᠤ᠂ ᠨᠥᠬᠦᠪᠦᠷᠢ ᠣᠯᠭᠤᠬᠤ ᠠᠵᠢᠯ ᠢ ᠬᠠᠷᠢᠭᠤᠴᠠᠨ᠎ᠠ᠃ ᠰᠢᠶᠠᠩ ︵ᠪᠠᠯᠭᠠᠰᠤ᠂ ᠰᠤᠮᠤ︶ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠬᠢᠷᠠᠯ ᠤᠨ ᠪᠠᠶᠢᠳᠠᠯ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ | ᠭᠠᠴᠠᠭᠠᠨ ᠤ ︵ᠰᠠᠭᠤᠭᠠᠯᠢ︶ ᠠᠷᠠᠳ ᠤᠨ ᠵᠥᠪᠯᠡᠯ ᠠᠴᠠ ᠬᠠᠮᠵᠢᠯᠴᠠᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠠᠶᠢᠮᠠᠭ ᠬᠤᠳᠠ᠂ ᠬᠤᠰᠢᠭᠤ | ᠰᠢᠶᠠᠨ ︵ᠬᠤᠳᠠ᠂ ᠲᠣᠭᠤᠷᠢᠭ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ | ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ᠂ ᠡᠷᠡᠭᠦᠯ ᠬᠠᠮᠠᠭᠠᠯᠠᠯ | ᠡᠷᠡᠭᠦᠯ ᠮᠡᠨᠳᠤ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ᠂ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠬᠢᠷᠠᠯ ᠢ ᠪᠠᠶᠢᠴᠠᠭᠠᠬᠤ᠂ ᠨᠤᠲᠠᠯᠠᠬᠤ ᠵᠡᠷᠭᠡ ᠨᠥᠬᠦᠪᠦᠷᠢ ᠣᠯᠭᠤᠬᠤ ᠬᠠᠮᠢᠶ᠎ᠠ ᠪᠦᠬᠦᠢ ᠠᠵᠢᠯ ᠢ | ᠬᠠᠮᠵᠢᠯᠴᠠᠨ ᠰᠠᠶᠢᠲᠤᠷ ᠬᠢᠬᠦ ᠬᠡᠷᠡᠭᠲᠡᠢ ᠭᠡᠵᠦ ᠲᠣᠭᠲᠠᠭᠠᠵᠠᠢ᠃ | ᠬᠤᠶᠠᠷ ᠲᠤ᠂ ᠨᠥᠬᠦᠪᠦᠷᠢ ᠣᠯᠭᠤᠬᠤ ᠬᠡᠪᠴᠢᠶ᠎ᠡ ᠶᠢ ᠲᠣᠳᠣᠷᠬᠠᠶᠢᠯᠠᠪᠠ᠃ ᠠᠷᠠᠳ ᠢᠷᠭᠡᠳ ᠤᠨ ᠪᠡᠶ᠎ᠡ ᠮᠠᠬᠠᠪᠤᠳ ᠢ ᠭᠡᠮᠲᠦᠭᠡᠭᠰᠡᠨ ᠪᠤᠶᠤ ᠠᠷᠠᠳ ᠢᠷᠭᠡᠳ ᠢ | ᠦᠬᠦᠭᠦᠯᠦᠭᠰᠡᠨ︔ ᠬᠠᠰᠢᠶᠠᠯᠠᠨ ᠲᠡᠵᠢᠭᠡᠭᠰᠡᠨ ᠪᠤᠶᠤ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠣᠷᠣᠨ ᠬᠡᠪᠴᠢᠶᠡᠨ ᠳᠣᠲᠣᠷ᠎ᠠ ᠪᠡᠯᠴᠢᠭᠡᠷᠯᠡᠭᠦᠯᠵᠦ ᠪᠠᠶᠢᠭᠰᠠᠨ | ᠮᠠᠯ ᠵᠢᠭᠦᠷᠲᠡᠨ ᠢ ᠰᠢᠷᠬᠠᠲᠤᠭᠤᠯᠤᠭᠰᠠᠨ ᠪᠤᠶᠤ ᠦᠬᠦᠭᠦᠯᠦᠭᠰᠡᠨ︔ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠣᠷᠣᠨ ᠬᠡᠪᠴᠢᠶᠡᠨ ᠳᠣᠲᠣᠷ᠎ᠠ ᠳᠠᠷᠢᠭᠰᠠᠨ | ᠲᠠᠷᠢᠮᠠᠯ᠂ ᠠᠵᠤ ᠠᠬᠤᠢ ᠶᠢᠨ ᠤᠢ ᠮᠣᠳᠣ ᠵᠡᠷᠭᠡ ᠳᠤ ᠰᠢᠭᠤᠳ ᠬᠤᠬᠢᠷᠠᠯ ᠤᠴᠠᠷᠠᠭᠤᠯᠤᠭᠰᠠᠨ︔ ᠤᠯᠠᠨ ᠲᠦᠮᠡᠨ ᠤ ᠡᠳᠦᠷ ᠲᠤᠳᠤᠮ ᠤᠨ ᠰᠠᠭᠤᠵᠤ ᠪᠠᠶᠢᠭ᠎ᠠ ᠭᠡᠷ | ᠪᠠᠶᠢᠰᠢᠩ᠂ ᠭᠡᠷ ᠤᠨ ᠬᠡᠷᠡᠭᠰᠡᠯ᠂ ᠮᠠᠯ ᠤᠨ ᠬᠠᠰᠢᠶ᠎ᠠ ᠵᠡᠷᠭᠡ ᠦᠢᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠳᠤ ᠬᠤᠬᠢᠷᠠᠯ ᠤᠴᠠᠷᠠᠭᠤᠯᠤᠭᠰᠠᠨ︔ ᠬᠤᠰᠢᠭᠤ ᠰᠢᠶᠠᠨ | ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ | ᠨᠤᠲᠠᠯᠠᠨ ᠲᠣᠭᠲᠠᠭᠠᠭᠰᠠᠨ ᠪᠤᠰᠤᠳ ᠪᠠᠶᠢᠳᠠᠯ᠃ | ᠭᠤᠷᠪᠠ ᠳᠤ᠂ ᠨᠥᠬᠦᠪᠦᠷᠢ ᠣᠯᠭᠤᠬᠤ ᠪᠠᠷᠢᠮᠵᠢᠶ᠎ᠠ ᠶᠢ ᠲᠣᠳᠣᠷᠬᠠᠶᠢᠯᠠᠪᠠ᠃ ᠬᠥᠮᠥᠨ ᠢ ᠰᠢᠷᠬᠠᠲᠤᠭᠤᠯᠤᠭᠰᠠᠨ ᠪᠣᠯᠪᠠᠴᠤ ᠬᠥᠳᠡᠯᠮᠦᠷᠢᠯᠡᠬᠦ ᠴᠢᠳᠠᠪᠤᠷᠢ ᠶᠢ ᠨᠢ | ᠠᠯᠳᠠᠭᠤᠯᠤᠭᠰᠠᠨ ᠦᠭᠡᠢ ᠪᠣᠯ᠂ ᠡᠮᠴᠢᠯᠡᠭᠡᠨ ᠤ ᠵᠠᠷᠤᠳᠠᠯ ᠵᠢᠴᠢ ᠠᠵᠢᠯ ᠰᠠᠭᠠᠲᠠᠭᠰᠠᠨ ᠠᠴᠠ ᠪᠣᠯᠵᠤ ᠬᠠᠰᠤᠭᠳᠠᠭᠰᠠᠨ ᠣᠷᠣᠯᠭ᠎ᠠ ᠶᠢ ᠨᠢ ᠲᠥᠯᠥᠵᠦ᠂ ᠨᠥᠬᠦᠪᠦᠷᠢ | ᠮᠥᠩᠭᠦ ᠶᠢᠨ ᠬᠠᠮᠤᠭ ᠤᠨ ᠥᠨᠳᠥᠷ ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ | ᠡᠵᠡᠮᠳᠡᠵᠦ ᠪᠣᠯᠬᠤᠶᠢᠴᠠ ᠣᠷᠣᠯᠭ᠎ᠠ ᠶᠢᠨ 3 ᠳᠠᠬᠢᠨ ᠠᠴᠠ ᠳᠠᠪᠠᠭᠤᠯᠬᠤ ᠦᠭᠡᠢ︔ ᠬᠥᠮᠥᠨ ᠤ ᠬᠥᠳᠡᠯᠮᠦᠷᠢᠯᠡᠬᠦ ᠴᠢᠳᠠᠪᠤᠷᠢ ᠶᠢ ᠬᠡᠰᠡᠭ ᠲᠠᠯ᠎ᠠ ᠪᠠᠷ ᠠᠯᠳᠠᠭᠤᠯᠤᠭᠰᠠᠨ | ᠪᠣᠯ᠂ ᠡᠮᠴᠢᠯᠡᠭᠡᠨ ᠤ ᠵᠠᠷᠤᠳᠠᠯ ᠵᠢᠴᠢ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ ᠥᠭᠴᠦ᠂ ᠨᠥᠬᠦᠪᠦᠷᠢ ᠮᠥᠩᠭᠦ ᠶᠢᠨ ᠬᠠᠮᠤᠭ ᠤᠨ ᠥᠨᠳᠥᠷ | ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ | 5 ᠠᠴᠠ 10 ᠳᠠᠬᠢᠨ ᠢᠶᠠᠷ ᠪᠤᠳᠤᠨ᠎ᠠ︔ ᠬᠥᠮᠥᠨ ᠤ ᠬᠥᠳᠡᠯᠮᠦᠷᠢᠯᠡᠬᠦ ᠴᠢᠳᠠᠪᠤᠷᠢ ᠶᠢ ᠪᠦᠬᠦᠨ ᠢ ᠠᠯᠳᠠᠭᠤᠯᠤᠭᠰᠠᠨ ᠪᠣᠯ᠂ ᠡᠮᠴᠢᠯᠡᠭᠡᠨ ᠤ ᠵᠠᠷᠤᠳᠠᠯ ᠵᠢᠴᠢ ᠨᠢᠭᠡ ᠯᠡ | ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ ᠥᠭᠴᠦ᠂ ᠨᠥᠬᠦᠪᠦᠷᠢ ᠮᠥᠩᠭᠦ ᠶᠢᠨ ᠬᠠᠮᠤᠭ ᠤᠨ ᠥᠨᠳᠥᠷ ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ | ᠣᠷᠣᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 10 ᠠᠴᠠ 15 ᠳᠠᠬᠢᠨ ᠢᠶᠠᠷ ᠪᠣᠳᠣᠨ᠎ᠠ︔ ᠬᠥᠮᠥᠨ ᠢ | ᠦᠬᠦᠭᠦᠯᠦᠭᠰᠡᠨ ᠪᠣᠯ᠂ ᠡᠮᠴᠢᠯᠡᠭᠡᠨ ᠤ ᠵᠠᠷᠤᠳᠠᠯ ᠵᠢᠴᠢ ᠨᠥᠬᠦᠪᠦᠷᠢ ᠮᠥᠩᠭᠦ᠂ ᠣᠷᠣᠰᠢᠭᠤᠯᠭ᠎ᠠ ᠶᠢᠨ ᠵᠠᠷᠤᠳᠠᠯ ᠢ ᠨᠢ ᠥᠭᠴᠦ᠂ ᠶᠡᠷᠦᠩᠬᠡᠢ ᠲᠤᠭ᠎ᠠ ᠶᠢ ᠳᠡᠭᠡᠷ᠎ᠡ | ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 15 ᠳᠠᠬᠢᠨ ᠢᠶᠠᠷ | ᠪᠤᠳᠤᠨ᠎ᠠ᠃ ᠲᠠᠷᠢᠮᠠᠯ᠂ ᠠᠵᠤ ᠠᠬᠤᠢ ᠶᠢᠨ ᠤᠢ ᠮᠣᠳᠣᠨ ᠳᠤ ᠬᠤᠬᠢᠷᠠᠯ ᠤᠴᠠᠷᠠᠭᠤᠯᠤᠭᠰᠠᠨ ᠪᠣᠯ᠂ ᠬᠤᠬᠢᠷᠠᠯ ᠤᠨ ᠬᠡᠰᠡᠭ ᠢ ᠳᠡᠭᠡᠷ᠎ᠡ ᠵᠢᠯ ᠤᠨ ᠲᠤᠬᠠᠢ ᠶᠢᠨ | ᠭᠠᠵᠠᠷ ᠤᠨ ᠳᠤᠰ ᠳᠦᠷᠦᠯ ᠤᠨ ᠲᠠᠷᠢᠮᠠᠯ᠂ ᠠᠵᠤ ᠠᠬᠤᠢ ᠶᠢᠨ ᠤᠢ ᠮᠣᠳᠣᠨ ᠤ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠪᠠᠷ ᠪᠤᠳᠤᠵᠤ᠂ ᠪᠦᠬᠦ ᠬᠤᠬᠢᠷᠠᠯ ᠤᠨ | 60% ᠪᠠᠷ ᠨᠥᠬᠦᠪᠦᠷᠢᠯᠡᠨ᠎ᠡ︔ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠰᠢᠷᠬᠠᠲᠤᠭᠤᠯᠤᠭᠰᠠᠨ ᠪᠣᠯ᠂ ᠲᠣᠰ ᠲᠥᠷᠥᠯ ᠤᠨ ᠭᠡᠷ ᠤᠨ ᠵᠢᠭᠦᠷᠲᠡᠨ ᠭᠡᠷ ᠤᠨ | ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠶᠢᠨ 30% ᠪᠠᠷ ᠨᠥᠬᠦᠪᠦᠷᠢᠯᠡᠨ᠎ᠡ︔ ᠭᠡᠷ ᠤᠨ ᠵᠢᠭᠦᠷᠲᠡᠨ ᠭᠡᠷ ᠤᠨ | ᠲᠡᠵᠢᠭᠡᠪᠦᠷᠢ ᠶᠢ ᠦᠬᠦᠭᠦᠯᠦᠭᠰᠡᠨ ᠪᠣᠯ᠂ ᠲᠣᠰ ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ | ᠳᠤᠮᠳᠠᠴᠢ ᠦᠨ᠎ᠡ ᠶᠢᠨ 60% ᠪᠠᠷ ᠨᠥᠬᠦᠪᠦᠷᠢᠯᠡᠨ᠎ᠡ᠃ | ᠳᠥᠷᠪᠡ ᠳᠤ᠂ ᠨᠥᠬᠦᠪᠦᠷᠢ ᠣᠯᠭᠤᠬᠤ ᠴᠤᠪᠤᠷᠠᠯ ᠢ ᠲᠣᠳᠣᠷᠬᠠᠶᠢᠯᠠᠪᠠ᠃ ᠬᠤᠬᠢᠷᠠᠯ ᠠᠮᠰᠠᠭᠴᠢ ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ | ᠬᠤᠬᠢᠷᠠᠯ ᠡᠭᠦᠰᠦᠭᠰᠡᠨ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ | ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ ᠲᠤᠬᠠᠢ ᠶᠢᠨ ᠲᠠᠯᠠᠪᠤᠷ ᠢ ᠬᠠᠮᠠᠭᠠᠯᠠᠵᠤ ᠬᠢᠨᠠᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ᠃ ᠬᠥᠮᠥᠨ ᠢ ᠦᠬᠦᠭᠦᠯᠵᠦ | ᠰᠢᠷᠬᠠᠲᠤᠭᠤᠯᠤᠭᠰᠠᠨ ᠳᠤ ᠨᠥᠬᠦᠪᠦᠷᠢ ᠠᠪᠬᠤ ᠪᠠᠷ ᠭᠤᠶᠤᠴᠢᠯᠠᠭᠰᠠᠨ ᠪᠣᠯ᠂ ᠲᠦᠷᠭᠡᠨ ᠠᠪᠤᠷᠠᠯᠲᠠ ᠳᠠᠭᠤᠰᠤᠭᠰᠠᠨ ᠤ ᠳᠠᠷᠠᠭᠠᠬᠢ 60 ᠡᠳᠦᠷ ᠤᠨ ᠳᠣᠲᠣᠷ᠎ᠠ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠡᠪᠰᠢᠭᠦᠯᠬᠦ ᠬᠡᠷᠡᠭᠲᠡᠢ︔ ᠡᠳ᠋ | ᠬᠥᠷᠥᠩᠭᠡ ᠶᠢᠨ ᠬᠤᠬᠢᠷᠠᠯ ᠢᠶᠠᠨ ᠳᠥᠯᠥᠭᠦᠯᠬᠦ ᠪᠠᠷ ᠭᠤᠶᠤᠴᠢᠯᠠᠭᠰᠠᠨ ᠪᠣᠯ᠂ ᠡᠳ᠋ ᠬᠥᠷᠥᠩᠭᠡ ᠶᠢᠨ ᠬᠤᠬᠢᠷᠠᠯ ᠡᠭᠦᠰᠦᠭᠰᠡᠨ ᠢ ᠮᠡᠳᠡᠭᠰᠡᠨ ᠪᠤᠶᠤ ᠮᠡᠳᠡᠬᠦ ᠶᠣᠰᠣᠲᠠᠢ | ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠳᠤ ᠳᠡᠪᠰᠢᠭᠦᠯᠬᠦ ᠬᠡᠷᠡᠭᠲᠡᠢ᠃ | ᠳᠥᠷᠪᠡ᠂ ᠲᠤᠭᠤᠰᠢᠯᠠᠭᠤᠯᠬᠤ ᠠᠷᠭ᠎ᠠ ᠬᠡᠮᠵᠢᠶ᠎ᠡ | ︽ᠠᠷᠭ᠎ᠠ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ ︽ᠬᠥᠮᠥᠨ ᠢᠶᠠᠷ ᠦᠨᠳᠦᠰᠦ ᠪᠣᠯᠭᠠᠬᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠬᠠᠤᠯᠢ ᠶᠣᠰᠣᠭᠠᠷ | ᠬᠠᠮᠠᠭᠠᠯᠠᠬᠤ︾ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠵᠠᠰᠠᠬᠤ ᠣᠨᠣᠯᠵᠢᠬᠤᠨ ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ | ᠪᠣᠯᠪᠠᠰᠤᠨ ᠤ ᠳᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠬᠦ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ ᠢ ᠴᠢᠩᠭᠠᠷᠠᠭᠤᠯᠬᠤ᠂ ᠠᠷᠠᠳ ᠣᠯᠠᠨ ᠤ ᠪᠡᠶ᠎ᠡ ᠮᠠᠬᠠᠪᠤᠳ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠤᠯᠢ ᠶᠣᠰᠣᠭᠠᠷ ᠪᠠᠲᠤᠯᠠᠬᠤ ᠵᠡᠷᠭᠡ | ᠲᠠᠯ᠎ᠠ ᠪᠠᠷ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠳᠣᠣᠷᠠᠬᠢ ᠬᠡᠳᠦᠨ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ | ᠨᠢᠭᠡ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠣᠯᠠᠨ ᠵᠦᠢᠯ ᠤᠨ ᠵᠠᠭᠤᠴᠢᠯᠠᠭᠤᠷ ᠢ ᠠᠰᠢᠭᠯᠠᠨ ︽ᠠᠷᠭ᠎ᠠ︾ ᠶᠢᠨ ᠲᠤᠬᠠᠢ ᠤᠬᠠᠭᠤᠯᠬᠤ᠂ | ᠲᠠᠶᠢᠯᠤᠮᠵᠢ ᠬᠢᠬᠦ ᠶᠢ ᠴᠢᠩᠭᠠᠳᠬᠠᠵᠤ᠂ ᠢᠯᠠᠩᠭᠤᠶ᠎ᠠ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠬᠥᠨᠥᠭᠡᠯ ᠤᠴᠠᠷᠠᠭᠤᠯᠬᠤ ᠠᠶᠤᠯ ᠲᠦᠭᠰᠢᠭᠦᠷᠢ ᠣᠷᠣᠰᠢᠵᠤ | ᠪᠠᠶᠢᠭ᠎ᠠ ᠭᠤᠣᠯᠳᠠᠯᠭ᠎ᠠ ᠲᠠᠢ ᠣᠷᠣᠨ ᠬᠡᠪᠴᠢᠶᠡᠨ ᠳᠣᠲᠣᠷᠠᠬᠢ ᠠᠷᠠᠳ ᠣᠯᠠᠨ ᠳᠤ ︽ᠠᠷᠭ᠎ᠠ︾ ᠶᠢᠨ ᠠᠭᠤᠯᠭ᠎ᠠ ᠶᠢ ᠠᠯᠢ ᠲᠦᠷᠭᠡᠨ ᠢᠶᠠᠷ ᠣᠶᠢᠯᠠᠭᠠᠭᠤᠯᠵᠤ᠂ | ᠬᠥᠨᠥᠭᠡᠯ ᠤᠴᠠᠷᠠᠭᠤᠯᠤᠭᠰᠠᠨ ᠳᠤ ᠨᠥᠬᠦᠪᠦᠷᠢ ᠣᠯᠭᠤᠬᠤ ᠴᠤᠪᠤᠷᠠᠯ ᠢ ᠣᠶᠢᠯᠠᠭᠠᠭᠤᠯᠵᠤ᠂ ᠲᠣᠰ ᠪᠡᠶ᠎ᠡ ᠶᠢᠨ ᠡᠷᠬᠡ ᠠᠰᠢᠭ ᠢ ᠨᠢ ᠨᠠᠩ ᠰᠠᠶᠢᠲᠤᠷ | ᠬᠠᠮᠠᠭᠠᠯᠠᠭᠤᠯᠤᠨ᠎ᠠ᠃ | ᠬᠤᠶᠠᠷ ᠲᠤ᠂ ᠴᠤᠪᠤᠷᠠᠯ ᠢ ᠨᠠᠷᠢᠯᠢᠭᠵᠢᠭᠤᠯᠤᠨ ᠵᠢᠷᠤᠮᠵᠢᠭᠤᠯᠤᠨ᠎ᠠ᠃ ︽ᠠᠷᠭ᠎ᠠ︾ ᠶᠢᠨ ᠲᠣᠭᠲᠠᠭᠠᠯ ᠶᠣᠰᠣᠭᠠᠷ᠂ ᠦᠢᠯᠡᠴᠢᠯᠡᠭᠡᠨ ᠤ ᠴᠤᠪᠤᠷᠠᠯ ᠢ | ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠨ᠎ᠠ᠃ | ᠭᠤᠷᠪᠠ ᠳᠤ᠂ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠠᠴᠠ ᠳᠠᠭᠠᠳᠬᠠᠯ ᠤᠨ | ᠪᠠᠶᠢᠭᠤᠯᠤᠮᠵᠢ ᠯᠤᠭ᠎ᠠ ᠨᠡᠪᠲᠡᠷᠡᠯᠴᠡᠵᠦ ᠵᠣᠯᠭᠠᠭᠤᠯᠬᠤ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢᠨ ᠬᠠᠭᠤᠷᠠᠢ ᠳᠡᠭᠡᠷᠡᠬᠢ | ᠬᠡᠭᠡᠷ᠎ᠡ ᠶᠢᠨ ᠠᠮᠢᠲᠠᠨ ᠤ ᠬᠥᠮᠥᠨ ᠤ ᠪᠡᠶ᠎ᠡ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠳᠤ ᠲᠥᠯᠥᠪᠦᠷᠢ ᠥᠭᠬᠦ ᠲᠥᠷᠥ ᠶᠢᠨ ᠪᠣᠳᠣᠯᠭ᠎ᠠ ᠶᠢᠨ ᠴᠢᠨᠠᠷᠲᠠᠢ | ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠠᠬᠢᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠬᠢᠷᠠᠯ ᠤᠨ | ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠬᠢᠷᠠᠯ ᠳᠤ ᠤᠴᠠᠷᠠᠭᠰᠠᠨ ᠨᠢᠭᠡᠴᠢ ᠵᠢᠴᠢ ᠣᠯᠠᠨ ᠲᠦᠮᠡᠨ ᠤ ᠬᠤᠬᠢᠷᠠᠯ ᠢ ᠤᠯᠠᠮ ᠨᠢᠭᠡ ᠠᠯᠬᠤᠮ ᠪᠠᠭᠠᠰᠬᠠᠨ᠎ᠠ᠃ | ᠭᠤᠣᠯᠳᠠᠯᠭ᠎ᠠ ᠲᠠᠢ ᠬᠠᠮᠠᠭᠠᠯᠠᠬᠤ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠭᠰᠠᠨ ᠠᠴᠠ ᠪᠣᠯᠵᠤ ᠬᠤᠬᠢᠷᠠᠯ ᠠᠮᠰᠠᠵᠤ᠂ ᠭᠡᠷ ᠪᠦᠯᠢ ᠶᠢᠨ ᠠᠮᠢᠳᠤᠷᠠᠯ ᠨᠢ | ᠬᠦᠴᠢᠷᠳᠡᠯᠲᠡᠢ ᠪᠣᠯᠣᠭᠰᠠᠨ ᠮᠥᠷᠲᠡᠭᠡᠨ ᠨᠡᠶᠢᠭᠡᠮ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠣᠯ᠂ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠠᠴᠠ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠣᠨ᠎ᠠ᠃ ᠹᠢᠽᠢᠺ ᠤᠨ ᠠᠷᠭ᠎ᠠ ᠪᠠᠷ ᠲᠤᠰᠠᠭᠠᠷᠯᠠᠬᠤ᠂ ᠳᠦᠷᠰᠦ ᠶᠢᠨ ᠰᠦᠷᠦᠭ ᠢ | ᠲᠣᠬᠢᠷᠠᠭᠤᠯᠤᠨ ᠡᠵᠡᠮᠳᠡᠬᠦ᠂ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠣᠷᠣᠨ ᠪᠦᠰᠡ ᠶᠢᠨ | ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠳᠠᠨ ᠤ ᠬᠥᠨᠥᠭᠡᠯ ᠤᠴᠠᠷᠠᠭᠤᠯᠬᠤ ᠠᠶᠤᠯ ᠲᠦᠭᠰᠢᠭᠦᠷᠢ ᠶᠢ | ᠪᠠᠭᠠᠰᠬᠠᠨ᠎ᠠ᠃ | ᠳᠥᠷᠪᠡ ᠳᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠣᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠯ᠎ᠡ ᠱᠠᠲᠤᠨ ᠤ ᠣᠶ ᠰᠢᠭᠤᠢ ᠪᠠ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠪᠤᠰᠤᠳᠴᠢ ᠪᠥᠭᠡᠳ ᠲᠥᠪ ᠭᠤᠥᠯᠴᠢ᠂ ᠢᠯᠡ ᠲᠣᠳᠣ ᠪᠠᠷ ᠲᠤᠭᠤᠰᠢᠯᠠᠭᠤᠯᠤᠨ | ᠬᠡᠷᠡᠭᠵᠢᠭᠦᠯᠵᠦ᠂ ᠨᠥᠬᠦᠪᠦᠷᠢ ᠣᠯᠭᠤᠬᠤ ᠶᠣᠰᠣᠲᠠᠢ ᠪᠦᠬᠦᠨ ᠳᠤ ᠨᠢ ᠨᠥᠬᠦᠪᠦᠷᠢ ᠣᠯᠭᠤᠬᠤ ᠶᠢᠨ ᠬᠠᠮᠲᠤ ᠵᠠᠭᠤᠴᠢᠯᠠᠭᠤᠷ ᠪᠠ ᠣᠯᠠᠨ ᠨᠡᠶᠢᠲᠡ ᠶᠢᠨ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ︽ᠠᠷᠭ᠎ᠠ︾ ᠳᠤ ᠲᠣᠭᠲᠠᠭᠠᠭᠰᠠᠨ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | | | | | | | |