︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ︵ᠭᠤᠷᠪᠠ︶
ᠨᠡᠶᠢᠲᠡᠯᠡᠭᠰᠡᠨ ᠴᠠᠭ᠄
2023/5/10
      ᠳᠠᠪᠠᠭᠤᠯᠢᠭ ᠲᠠᠯ᠎ᠠ      ᠬᠤᠶᠠᠷ᠂ ᠴᠢᠳᠠᠮᠵᠢ ᠶᠢᠨ ᠪᠠᠶᠢᠷᠢᠯᠠᠭᠤᠯᠤᠯᠲᠠ      ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠄ ︽ᠠᠳᠠᠯ ᠦᠢᠯᠡᠰ ᠴᠣᠭᠴᠠᠯᠠᠬᠤ᠂ ᠰᠢᠨ᠎ᠡ ᠶᠢ ᠡᠭᠦᠳᠬᠦ᠂ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠠᠰᠢᠭ ᠭᠥᠷᠳᠡᠬᠦ︾ ᠪᠠᠷ ᠭᠤᠣᠯ ᠰᠡᠳᠦᠪ ᠪᠣᠯᠭᠠᠵᠤ᠂ ᠨᠠᠷᠠᠲᠤ  ᠲᠡᠮᠳᠡᠭ ᠤᠨ ᠡᠵᠡᠩᠨᠡᠯᠲᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠢᠯᠢ ᠠᠯᠤᠰᠯᠠᠭᠰᠠᠨ ᠠᠷᠠᠯᠵᠢᠶ᠎ᠠ᠂ ᠳᠡᠭᠡᠳᠦ ᠰᠢᠨ᠎ᠡ ᠮᠡᠷᠭᠡᠵᠢᠯ᠂ ᠲᠣᠮᠣ ᠳ᠋ᠠᠶᠢᠲ᠋ᠠ᠂ ᠲᠠᠷᠢᠶᠠᠯᠠᠩ ᠤᠨ ᠰᠢᠨ᠎ᠡ ᠶᠢ ᠡᠭᠦᠳᠦᠭᠴᠢᠳ᠂ ᠮᠥᠩᠭᠦᠨ ᠭᠦᠢᠯᠭᠡᠭᠡᠨ ᠤ ᠬᠥᠷᠥᠩᠭᠡ᠂ ᠬᠢᠯᠢ ᠶᠢᠨ ᠭᠠᠳᠠᠨᠠᠬᠢ ᠡᠳ᠋ ᠤᠨ ᠶᠠᠪᠤᠳᠠᠯ᠂ ᠦᠵᠡᠭᠦᠯᠦᠯᠭᠡ ᠦᠵᠡᠭᠦᠯᠦᠯᠭᠡ᠂ ᠠᠷᠠᠯᠵᠢᠶ᠎ᠠ ᠬᠤᠳᠠᠯᠳᠤᠭᠠᠨ ᠤ ᠨᠡᠶᠢᠭᠡᠮᠯᠢᠭ ᠤᠨ ᠶᠠᠪᠤᠳᠠᠯ᠂ ᠪᠣᠯᠪᠠᠰᠤᠷᠠᠭᠤᠯᠤᠯ ᠬᠥᠮᠦᠵᠢᠯ᠂ ᠰᠣᠶᠣᠯ ᠤᠨ ᠪᠦᠲᠦᠭᠡᠯᠴᠢ ᠰᠡᠳᠬᠢᠮᠵᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠠᠷᠢᠮᠵᠢᠶᠠᠵᠢᠭᠤᠯᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠷᠠᠯᠵᠢᠶ᠎ᠠ᠂ ᠡᠬᠢ ᠡᠭᠦᠰᠦᠯ ᠢ ᠮᠥᠷᠳᠡᠬᠦ᠂ ᠬᠠᠩᠭᠠᠯᠭ᠎ᠠ ᠶᠢᠨ ᠬᠡᠯᠬᠢᠶ᠎ᠡ ᠶᠢ ᠭᠠᠳᠠᠭᠰᠢ ᠭᠠᠷᠭᠠᠬᠤ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠯᠲᠡ᠂ ᠬᠦᠢᠲᠡᠨ ᠬᠡᠯᠬᠢᠶ᠎ᠡ ᠶᠢᠨ ᠰᠢᠰᠲ᠋ᠧᠮᠵᠢ ᠵᠡᠷᠭᠡ ᠠᠵᠤ ᠦᠢᠯᠡᠰ ᠤᠨ ᠲᠥᠪᠯᠡᠷᠡᠯ ᠤᠨ ᠲᠥᠪ ᠢ ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠠᠯᠵᠢᠶᠠᠨ ᠤ ᠲᠠᠪᠴᠠᠩ ᠬᠠᠩᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠬᠢ ᠪᠠᠶᠠᠯᠢᠭ ᠤᠨ ᠴᠤᠭᠯᠠᠷᠠᠯ ᠢ ᠪᠡᠶᠡᠯᠡᠭᠦᠯᠦᠨ᠎ᠡ᠃      ᠬᠠᠮᠲᠤ ᠪᠠᠷ ᠡᠳ᠋ᠯᠡᠬᠦ ᠦᠵᠡᠭᠦᠯᠦᠯᠭᠡ ᠶᠢᠨ ᠲᠥᠪ᠄ ᠪᠦᠬᠦ ᠦᠵᠡᠮᠵᠢ ᠪᠠᠷ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠬᠥᠭᠵᠢᠯᠲᠡ ᠶᠢᠨ ᠶᠠᠪᠤᠴᠠ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠣᠯᠣᠨ ᠢᠷᠡᠭᠡᠳᠦᠢ ᠶᠢᠨ ᠪᠠᠷᠠᠯᠠᠯ ᠢ ᠳᠡᠯᠭᠡᠨ ᠦᠵᠡᠭᠦᠯᠵᠦ᠂ ᠪᠠᠶᠠᠨᠨᠠᠭᠤᠷ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠦᠵᠡᠭᠦᠯᠦᠯᠭᠡ ᠶᠢᠨ ᠴᠣᠩᠬᠤ ᠪᠣᠯᠣᠨ᠎ᠠ᠃      ᠡᠭᠦᠯᠡᠨ ᠬᠥᠮᠥᠷᠭᠡ  ᠶᠢᠨ  ᠲᠥᠪ᠄  ᠪᠥᠬᠦ ᠡᠳᠦᠷ  ᠤᠨ᠂ ᠪᠥᠬᠦ ᠲᠠᠯ᠎ᠠ ᠶᠢᠨ ᠬᠢᠨᠠᠨ ᠡᠵᠡᠮᠳᠡᠬᠦ  ᠲᠥᠬᠦᠭᠡᠷᠦᠮᠵᠢ᠂ ᠭᠠᠯ  ᠤᠨᠲᠠᠷᠠᠭᠠᠬᠤ ᠲᠥᠬᠦᠭᠡᠷᠦᠮᠵᠢ  ᠶᠢ  ᠲᠣᠬᠢᠷᠠᠭᠤᠯᠵᠤ᠂ ᠲᠤᠰᠬᠠᠢ ᠠᠵᠢᠯ ᠤᠨ ᠠᠮᠤᠷ ᠢ ᠬᠠᠮᠠᠭᠠᠯᠠᠬᠤ ᠠᠵᠢᠯᠲᠠᠨ ᠢ ᠤᠷᠢᠵᠤ ᠲᠤᠰᠬᠠᠢ ᠬᠥᠮᠥᠨ ᠢᠶᠠᠷ ᠬᠢᠨᠠᠨ ᠬᠠᠮᠢᠶᠠᠷᠤᠭᠤᠯᠤᠨ᠎ᠠ︔ WMS ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠰᠢᠰᠲ᠋ᠧᠮ᠂ ERP ᠡᠯᠧᠺᠲᠷᠣᠨ ᠬᠤᠳᠠᠯᠳᠤᠭᠠᠨ ᠤ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠰᠢᠰᠲ᠋ᠧᠮ᠂ PDA ᠬᠥᠮᠥᠷᠭᠡᠯᠡᠨ ᠬᠠᠳᠠᠭᠠᠯᠠᠬᠤ ᠰᠢᠷᠪᠢᠯᠲᠡ ᠵᠡᠷᠭᠡ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠲᠣᠮᠣ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠᠨ᠂ ᠪᠥᠬᠦ ᠬᠤᠲᠠ ᠶᠢᠨ ᠲᠦᠷᠭᠡᠨ ᠬᠦᠷᠭᠡᠬᠦ᠂ ᠪᠠᠷᠠᠭᠠᠨ ᠤ ᠭᠦᠢᠯᠭᠡᠭᠡ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠣᠷᠣᠭᠤᠯᠤᠨ ᠰᠠᠭᠤᠯᠭᠠᠵᠤ᠂ ᠪᠠᠶᠠᠨᠨᠠᠭᠤᠷ ᠣᠷᠣᠨ ᠳᠤ ᠥᠪᠡᠷ ᠤᠨ ᠥᠷᠲᠡᠭ ᠢᠶᠠᠷ ᠳᠣᠣᠷ᠎ᠠ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠪᠠᠶᠠᠨᠨᠠᠭᠤᠷ ᠤᠨ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ