︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ︵  ᠳᠥᠷᠪᠡ︶
ᠨᠡᠶᠢᠲᠡᠯᠡᠭᠰᠡᠨ ᠴᠠᠭ᠄
2023/5/10
      ᠳᠠᠪᠠᠭᠤᠯᠢᠭ ᠲᠠᠯ᠎ᠠ      ᠭᠤᠷᠪᠠ᠂ ᠢᠵᠢ ᠪᠦᠷᠢᠳᠦᠭᠦᠯᠬᠦ ᠦᠢᠯᠡᠴᠢᠯᠡᠭᠡ      ᠬᠠᠮᠤᠭ ᠤᠨ ᠰᠢᠯᠢᠳᠡᠭ ᠠᠯᠪᠠᠯᠠᠬᠤ ᠲᠥᠬᠦᠭᠡᠷᠦᠮᠵᠢ᠂ ᠬᠤᠷᠠᠯ ᠤᠨ ᠲᠥᠪ᠂ ᠵᠠᠮ ᠤᠨ ᠲᠣᠭᠯᠠᠯᠲᠠ ᠶᠢᠨ ᠲᠢᠩᠬᠢᠮ᠂ ᠠᠵᠢᠯᠯᠠᠭᠠᠨ ᠤ ᠲᠠᠯᠠᠪᠤᠷ᠂ ᠵᠣᠴᠢᠯᠠᠬᠤ ᠲᠢᠩᠬᠢᠮ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠬᠠᠩᠭᠠᠵᠤ᠂ ᠠᠯᠪᠠᠯᠠᠬᠤ ᠲᠠᠯᠠᠪᠤᠷ ᠲᠤ ᠲᠦᠷᠢᠶᠡᠰᠦᠯᠡᠬᠦ ᠠᠴᠠ ᠬᠡᠯᠲᠦᠷᠢᠭᠦᠯᠬᠦ ᠶᠢ ᠬᠡᠷᠡᠭᠵᠢᠭᠦᠯᠵᠦ᠂ ᠬᠠᠮᠢᠶᠠᠷᠤᠯᠲᠠ ᠶᠢᠨ ᠰᠦᠢᠳᠬᠡᠯ ᠢ ᠪᠥᠬᠦ ᠬᠤᠲᠠ ᠶᠢᠨ ᠳᠤᠮᠳᠠᠴᠢ ᠰᠦᠢᠳᠬᠡᠯ ᠬᠤᠷᠢᠶᠠᠬᠤ ᠪᠠᠷᠢᠮᠵᠢᠶ᠎ᠠ ᠠᠴᠠ ᠳᠣᠣᠷ᠎ᠠ ᠪᠠᠶᠢᠯᠭᠠᠨ᠎ᠠ︔      ᠪᠥᠬᠦ ᠦᠶᠡᠯᠡᠯᠲᠦ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠮᠢ ᠠᠬᠤᠢ ᠶᠢ ᠪᠣᠶ ᠪᠣᠯᠭᠠᠨ᠎ᠠ᠃ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ︔      ᠣᠶᠤᠲᠠᠳ ᠤᠨ ᠠᠩᠬ᠎ᠠ ᠡᠭᠦᠳᠬᠦ ᠬᠡᠯᠪᠡᠷᠢ ᠶᠢᠨ ᠠᠵᠤ ᠠᠬᠤᠶᠢᠯᠠᠯ ᠵᠢᠴᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠬᠦ ᠨᠡᠪᠴᠢᠭᠦᠯᠬᠦ ᠪᠠᠷ ᠪᠠᠶᠢᠭ᠎ᠠ ᠠᠵᠤ ᠠᠬᠤᠶᠢᠯᠠᠯ ᠨᠢ ᠣᠷᠣᠵᠤ ᠰᠠᠭᠤᠭᠰᠠᠨ ᠡᠳᠦᠷ ᠠᠴᠠ ᠡᠬᠢᠯᠡᠨ ᠬᠤᠶᠠᠷ ᠵᠢᠯ ᠤᠨ ᠳᠣᠲᠣᠷ᠎ᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠦᠢᠳᠬᠡᠯ ᠢ ᠬᠠᠭᠠᠰ ᠢᠶᠠᠷ ᠬᠠᠰᠤᠵᠤ ᠬᠤᠷᠢᠶᠠᠨ᠎ᠠ︔      ᠨᠥᠬᠦᠴᠡᠯ ᠳᠤ ᠨᠡᠶᠢᠴᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠵᠢᠯ ᠪᠦᠷᠢ 5 ᠲᠦᠮᠡᠨ ᠲᠥᠭᠦᠷᠢᠭ ᠠᠴᠠ ᠳᠤᠲᠠᠭᠤ ᠦᠭᠡᠢ ᠦᠷ᠎ᠡ ᠶᠢᠨ ᠪᠡᠯᠡ ᠮᠥᠩᠭᠦ ᠶᠢᠨ ᠳᠠᠮ ᠬᠦᠦ ᠲᠠᠢ ᠵᠢᠭᠡᠯᠡᠯᠭᠡ ᠬᠠᠩᠭᠠᠨ᠎ᠠ︔      ᠣᠷᠣᠵᠤ ᠰᠠᠭᠤᠭᠰᠠᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠢ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠰᠤᠳᠤᠯᠭᠠᠨ ᠤ ᠨᠡᠷᠡᠰ ᠲᠤ ᠤᠷᠢᠳᠠᠪᠠᠷ ᠣᠷᠣᠭᠤᠯᠤᠨ᠎ᠠ︔      ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠤᠬᠠᠭᠤᠯᠤᠨ ᠳᠡᠯᠭᠡᠷᠡᠭᠦᠯᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ᠂ ᠰᠣᠶᠣᠯ ᠤᠨ ᠪᠦᠲᠦᠭᠡᠯᠴᠢ ᠰᠡᠳᠬᠢᠮᠵᠢ᠂ ᠡᠬᠢ ᠪᠠᠶᠠᠯᠢᠭ ᠢ ᠵᠣᠯᠭᠠᠭᠤᠯᠬᠤ ᠵᠡᠷᠭᠡ ᠲᠠᠯ᠎ᠠ ᠶᠢᠨ ᠰᠠᠭᠤᠷᠢ ᠣᠯᠠᠨ ᠨᠡᠶᠢᠲᠡ ᠶᠢᠨ ᠦᠢᠯᠡᠴᠢᠯᠡᠭᠡᠨ ᠢ ᠤᠷᠢᠳᠠᠪᠠᠷ ᠭᠥᠷᠳᠡᠨ᠎ᠡ︔      ᠬᠠᠮᠢᠶᠠᠷᠤᠯᠲᠠ ᠶᠢᠨ ᠲᠠᠯ᠎ᠠ ᠶᠢᠨ ᠵᠣᠬᠢᠶᠠᠨ ᠪᠠᠶᠢᠭᠤᠯᠤᠭᠰᠠᠨ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ᠂ ᠠᠷᠠᠯᠵᠢᠶᠠᠨ ᠤ ᠵᠥᠪᠳᠡᠯᠴᠡᠭᠡ᠂ ᠪᠠᠩᠬᠢ ᠠᠵᠤ ᠠᠬᠤᠶᠢᠯᠠᠯ ᠢ ᠵᠣᠯᠭᠠᠭᠤᠯᠬᠤ᠂ ᠦᠢᠯᠡᠳᠬᠦᠨ ᠢ ᠲᠠᠨᠢᠯᠴᠠᠭᠤᠯᠬᠤ ᠵᠡᠷᠭᠡ ᠠᠵᠢᠯᠯᠠᠭ᠎ᠠ ᠳᠤ ᠵᠢᠯ ᠪᠦᠷᠢ ᠰᠦᠢᠳᠬᠡᠯ ᠬᠤᠷᠢᠶᠠᠬᠤ ᠦᠭᠡᠢ ᠪᠠᠷ 4 ᠤᠳᠠᠭ᠎ᠠ ᠠᠴᠠ ᠳᠤᠲᠠᠭᠤ ᠪᠠᠶᠢᠵᠤ ᠪᠣᠯᠬᠤ ᠦᠭᠡᠢ︔      ᠣᠷᠣᠵᠤ ᠰᠠᠭᠤᠭᠰᠠᠨ ᠠᠵᠤ ᠠᠬᠤᠶᠢᠯᠠᠯ ᠤᠨ ᠦᠢᠯᠡᠳᠬᠦᠨ ᠢ ᠡᠩ ᠲᠡᠷᠢᠭᠦᠨ ᠳᠤ ᠵᠢᠩ ᠳ᠋ᠦᠩ ᠤᠨ ᠳᠤᠮᠳᠠᠳᠤ ᠤᠯᠤᠰ ᠤᠨ ᠣᠨᠴᠠ ᠭᠠᠷᠤᠯᠲᠠ · ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠣᠷᠳᠣᠨ ᠵᠢᠴᠢ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠬᠤᠰᠢᠭᠤᠨ ᠳᠡᠯᠭᠡᠭᠦᠷ ᠲᠤ ᠰᠣᠩᠭᠤᠨ᠎ᠠ︔      ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢᠨ ᠲᠡᠳᠬᠦᠮᠵᠢ ᠶᠢ ᠤᠷᠢᠳᠠᠪᠠᠷ ᠡᠳ᠋ᠯᠡᠨ᠎ᠡ︔      ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠰᠢᠨ᠎ᠡ ᠰᠣᠷᠭᠤᠭ ᠪᠠᠶᠢᠯᠭᠠᠬᠤ ᠬᠥᠮᠥᠷᠭᠡᠯᠡᠨ ᠬᠠᠳᠠᠭᠠᠯᠠᠬᠤ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠢᠴᠢ ᠪᠠᠶᠠᠨᠨᠠᠭᠤᠷ ᠤᠨ ᠤᠯᠤᠰ ᠤᠨ ᠨᠢᠷᠤᠭᠤᠪᠴᠢ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠤᠨ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠷᠢᠳᠠᠪᠠᠷ ᠬᠦᠷᠲᠡᠭᠡᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ