ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂  ᠪᠠᠶᠠᠨᠨᠠᠭᠤᠷ ᠬᠤᠲᠠ ᠶᠢᠨ550 ᠲᠦᠮᠡᠨ ᠮᠤ᠋ ᠡᠷᠳᠡᠨᠢ ᠰᠢᠰᠢ ᠵᠠᠯᠭᠠᠪᠠᠷ ᠡᠬᠢᠯᠡᠨ ᠲᠠᠷᠢᠵᠤ  ᠵᠢᠱᠢᠯᠲᠡ ᠪᠠᠷ 90 ᠳ᠋ᠦᠩᠰᠢᠭᠤᠷ ᠵᠢᠩ ᠠᠴᠠ ᠳᠡᠭᠡᠭᠰᠢ ᠬᠤᠷᠢᠶᠠᠬᠤ ᠪᠠᠷ ᠪᠠᠶᠢᠭ᠎ᠠ
ᠨᠡᠶᠢᠲᠡᠯᠡᠭᠰᠡᠨ ᠴᠠᠭ᠄
2023/5/19
      ᠠᠭᠠᠷ ᠤᠨ ᠲᠤᠯᠠᠭᠠᠨ ᠳᠡᠭᠡᠭᠰᠢᠯᠡᠬᠦ ᠶᠢ ᠲᠠᠭᠠᠯᠳᠤᠨ ᠮᠠᠨ ᠤ ᠬᠤᠲᠠ ᠠᠰᠢᠭᠲᠠᠢ ᠲᠤᠬᠢᠶᠠᠯ ᠢ ᠵᠠᠪᠳᠤᠨ ᠡᠷᠳᠡᠨᠢ ᠰᠢᠰᠢ ᠲᠠᠷᠢᠬᠤ ᠠᠵᠢᠯ ᠢᠶᠠᠨ ᠵᠠᠯᠭᠠᠪᠠᠷ ᠡᠬᠢᠯᠡᠭᠦᠯᠵᠦ᠂ ᠤᠳᠤᠬᠠᠨ ᠳᠤ ᠡᠯ᠎ᠡ ᠬᠤᠰᠢᠭᠤ ᠰᠢᠶᠠᠨ ᠤ550 ᠲᠦᠮᠡᠨ ᠮᠦ ᠡᠷᠳᠡᠨᠢ ᠰᠢᠰᠢ ᠲᠠᠷᠢᠬᠤ ᠠᠵᠢᠯ ᠤᠷᠤᠭᠰᠢᠲᠠᠢ ᠶᠠᠪᠤᠭᠳᠠᠵᠤ᠂ ᠵᠢᠱᠢᠯᠲᠡ ᠪᠠᠷ 5 ᠰᠠᠷ᠎ᠠ ᠶᠢᠨ ᠳᠤᠮᠳᠠᠴᠢ ᠪᠠᠷ ᠪᠦᠬᠦᠨ ᠢ ᠲᠠᠭᠤᠰᠬᠠᠬᠤ ᠪᠠᠷ ᠪᠠᠶᠢᠨ᠎ᠠ᠃      ᠰᠤᠷᠪᠤᠯᠵᠢᠯᠠᠭᠴᠢ ᠯᠢᠨ ᠡᠾᠧ ᠲᠤᠭᠤᠷᠢᠭ ᠤᠨ ᠰᠢᠨᠬᠤᠸᠠ ᠪᠠᠯᠭᠠᠰᠤᠨ ᠤ ᠰᠢᠨ ᠯᠧ ᠲᠤᠰᠬᠤᠨ ᠤ ᠲᠠᠷᠢᠶᠠᠴᠢᠨ ᠡᠤ ᠡᠯ ᠬᠠᠢ ᠶᠢᠨ ᠲᠠᠷᠢᠶᠠᠨ ᠭᠠᠵᠠᠷ ᠲᠤ ᠬᠦᠷᠬᠦ ᠳᠤ᠂ ᠡᠷᠳᠡᠨᠢ ᠰᠢᠰᠢ ᠲᠠᠷᠢᠬᠤ ᠮᠠᠰᠢᠨ ᠶᠠᠭ ᠰᠦᠯᠢᠶᠤᠤ ᠪᠦᠷᠭᠦᠪᠴᠢ ᠲᠠᠲᠠᠬᠤ ᠶᠢᠨ ᠬᠠᠮᠲᠤ ᠡᠷᠳᠡᠨᠢ ᠰᠢᠰᠢ ᠶᠢᠨ ᠦᠷ᠎ᠡ ᠰᠠᠴᠤᠵᠤ ᠰᠦᠯᠵᠢᠯᠳᠤᠨ᠎ᠠ᠃ ᠡᠤ ᠡᠯ ᠬᠠᠢ ᠶᠠᠭ ᠭᠡᠷ ᠤᠨ ᠬᠢᠨ ᠲᠠᠢ ᠪᠠᠨ  ᠤᠰᠤᠯᠠᠯᠲᠠ ᠶᠢᠨ ᠰᠤᠪᠠᠭ᠂ ᠲᠠᠲᠠᠭᠰᠠᠨ ᠰᠦᠯᠢᠶᠤᠤ ᠪᠦᠷᠭᠦᠪᠴᠢ ᠪᠠ ᠲᠠᠷᠢᠭᠰᠠᠨ ᠦᠷ᠎ᠡ ᠶᠢ ᠪᠠᠶᠢᠴᠠᠭᠠᠵᠤ᠂ ᠡᠷᠳᠡᠨᠢ ᠰᠢᠰᠢ ᠶᠢ ᠠᠮᠵᠢᠯᠲᠠᠢ ᠲᠠᠷᠢᠬᠤ ᠶᠢ ᠪᠠᠲᠤᠯᠠᠵᠤ ᠪᠠᠶᠢᠯ᠎ᠠ᠃      ᠲᠠᠷᠢᠶᠠᠴᠢᠨ ᠡᠤ ᠡᠯ ᠬᠠᠢ ᠰᠤᠷᠪᠤᠯᠵᠢᠯᠠᠭᠴᠢ ᠳᠤ᠂ ᠲᠥᠷᠦ ᠶᠢᠨ ᠪᠣᠳᠤᠯᠭ᠎ᠠ ᠶᠢᠨ ᠰᠠᠶᠢᠨ ᠢᠶᠠᠷ ᠲᠠᠷᠢᠶᠠᠴᠢᠳ ᠤᠨ ᠢᠳᠡᠪᠬᠢᠵᠢᠯ ᠶᠡᠬᠡᠪᠡᠷ ᠳᠡᠭᠡᠭᠰᠢᠯᠡᠭᠰᠡᠨ᠂ ᠡᠷᠳᠡᠨᠢ ᠰᠢᠰᠢ ᠶᠢᠨ ᠨᠦᠬᠦᠪᠦᠷᠢ 60 ᠲᠦᠭᠦᠷᠢᠭ᠂ ᠮᠤ᠋ ᠪᠦᠷᠢ ᠳᠡᠭᠡᠨ2300 ᠲᠦᠭᠦᠷᠢᠭ ᠤᠨ ᠤᠷᠤᠯᠭ᠎ᠠ ᠲᠠᠢ ᠭᠡᠵᠦ ᠪᠠᠶᠢᠯ᠎ᠠ᠃      ᠡᠨᠡ ᠵᠢᠯ᠂ ᠮᠠᠨ ᠤ ᠬᠤᠲᠠ ᠡᠷᠳᠡᠨᠢ ᠰᠢᠰᠢ  ᠶᠢ ᠨᠢᠭᠲᠠ ᠳᠠᠷᠢᠬᠤ ᠨᠠᠷᠢᠯᠢᠭ ᠤᠨᠤᠪᠴᠢᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠨᠢᠭᠲᠠ ᠳᠠᠷᠢᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢᠶᠠᠷ ᠭᠤᠣᠯ ᠪᠣᠯᠭᠠᠵᠤ᠂ ᠲᠥᠷᠥᠯ ᠵᠦᠢᠯ ᠤᠨ ᠲᠣᠬᠢᠷᠠᠭᠤᠯᠤᠯᠲᠠ᠂ ᠵᠦᠢ ᠵᠣᠬᠢᠰᠲᠠᠢ ᠨᠢᠭᠲᠠ ᠳᠠᠷᠢᠬᠤ᠂ ᠤᠰᠤᠨ ᠪᠣᠷᠳᠣᠭᠤᠷ ᠢ ᠲᠣᠬᠢᠷᠠᠭᠤᠯᠤᠨ ᠡᠵᠡᠮᠳᠡᠬᠦ᠂  ᠡᠪᠡᠳᠴᠢᠨ ᠬᠤᠷᠣᠬᠠᠢ ᠶᠢ ᠰᠡᠷᠭᠡᠶᠢᠯᠡᠨ ᠡᠵᠡᠮᠳᠡᠬᠦ᠂ ᠣᠶᠤᠨᠴᠢᠯᠠᠭᠰᠠᠨ ᠬᠠᠮᠢᠶᠠᠷᠤᠯᠲᠠ ᠵᠡᠷᠭᠡ ᠪᠠᠷ ᠭᠤᠣᠯ ᠪᠣᠯᠭᠠᠭᠰᠠᠨ ᠵᠠᠩᠭᠢᠯᠠᠭ᠎ᠠ ᠶᠢᠨ ᠮᠡᠷᠭᠡᠵᠢᠯ ᠢ ᠢᠵᠢ ᠪᠦᠷᠢᠳᠦᠭᠦᠯᠦᠨ ᠳᠡᠯᠭᠡᠷᠡᠭᠦᠯᠦᠨ᠎ᠡ᠃ ᠡᠷᠳᠡᠨᠢ ᠰᠢᠰᠢ ᠶᠢᠨ ᠤᠨᠠᠯᠲᠠ ᠶᠢ ᠨᠡᠮᠡᠭᠳᠡᠭᠦᠯᠬᠦ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠰᠠᠶᠢᠨ ᠲᠠᠷᠢᠶᠠᠨ ᠭᠠᠵᠠᠷ᠂ ᠰᠠᠶᠢᠨ ᠡᠭᠦᠯᠳᠡᠷ᠂ ᠰᠠᠶᠢᠨ ᠠᠷᠭ᠎ᠠ᠂ ᠰᠠᠶᠢᠨ ᠲᠣᠬᠢᠶᠠᠯ᠂ ᠰᠠᠶᠢᠨ ᠳᠦᠷᠢᠮ ᠢ ᠢᠵᠢ ᠪᠦᠷᠢᠳᠦᠭᠦᠯᠬᠦ ᠶᠢ ᠪᠡᠶᠡᠯᠡᠭᠦᠯᠵᠦ᠂ ᠶᠡᠭᠡ ᠬᠡᠪᠴᠢᠶ᠎ᠡ ᠪᠠᠷ ᠲᠡᠩᠴᠡᠭᠦᠷᠢᠲᠡᠢ ᠤᠨᠠᠯᠲᠠ ᠶᠢ ᠨᠡᠮᠡᠭᠳᠡᠭᠦᠯᠬᠦ ᠶᠢ ᠨᠥᠯᠥᠭᠡᠯᠡᠨ ᠲᠠᠶᠢᠴᠢᠯᠠᠵᠤ᠂ ᠣᠳᠣᠬᠠᠨ ᠳᠤ᠂ ᠡᠯ᠎ᠡ ᠬᠤᠰᠢᠭᠤ ᠰᠢᠶᠠᠨ ᠲᠣᠭᠤᠷᠢᠭ ᠤᠨ ᠡᠷᠳᠡᠨᠢ ᠰᠢᠰᠢ ᠳᠠᠷᠢᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ᠂ ᠵᠢᠱᠢᠯᠲᠡ ᠪᠠᠷ 5 ᠳ᠋ᠤᠭᠠᠷ ᠰᠠᠷ᠎ᠠ ᠶᠢᠨ ᠳᠤᠮᠳᠠᠴᠢ ᠪᠠᠷ ᠪᠥᠬᠦ ᠲᠠᠯ᠎ᠠ ᠪᠠᠷ ᠪᠡᠶᠡᠯᠡᠭᠦᠯᠬᠦ ᠪᠣᠯᠣᠨ᠎ᠠ᠃      ᠪᠠᠶᠠᠨᠨᠠᠭᠤᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠥᠪ ᠤᠨ ᠠᠮᠤ ᠪᠤᠳᠠᠭᠠᠨ ᠤ ᠰᠠᠯᠠᠭᠠᠨ ᠤ ᠳᠠᠷᠤᠭ᠎ᠠ ᠮᠠ ᠵᠢᠶᠦ᠋ᠨ ᠴᠧᠩ ᠰᠤᠷᠪᠤᠯᠵᠢᠯᠠᠭᠴᠢ ᠳᠤ᠂ ᠡᠨᠡ ᠵᠢᠯ ᠤᠨ  ᠵᠢᠱᠢᠯᠲᠠ ᠪᠠᠷ ᠡᠷᠳᠡᠨᠢ ᠰᠢᠰᠢ ᠳᠠᠷᠢᠬᠤ ᠲᠠᠯᠠᠪᠠᠶ ᠶᠢ 550 ᠲᠦᠮᠡᠨ ᠮᠦ ᠳᠤ ᠬᠦᠷᠭᠡᠵᠦ᠂ ᠮᠦ ᠪᠦᠷᠢ ᠶᠢᠨ ᠤᠨᠠᠯᠲᠠ ᠶᠢ 1700 ᠵᠢᠩ ᠪᠣᠯᠭᠠᠨ ᠳᠡᠭᠡᠭᠰᠢᠯᠡᠭᠦᠯᠵᠦ᠂ ᠵᠢᠱᠢᠯᠲᠡ ᠪᠠᠷ ᠶᠡᠷᠦᠩᠬᠡᠢ ᠤᠨᠠᠯᠲᠠ ᠶᠢ 90 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠭᠡᠨ᠎ᠡ ᠭᠡᠵᠦ ᠪᠠᠶᠢᠯ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ