ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂  ᠰᠢᠨᠵᠢᠯᠡᠬᠦ ᠤᠬᠠᠭᠠᠨ ᠤ ᠮᠡᠷᠭᠡᠵᠢᠯ ᠪᠤᠯᠤᠨ ᠲᠠᠷᠢᠶᠠᠯᠠᠩ ᠤᠨ ᠮᠡᠷᠭᠡᠵᠢᠯ ᠨᠢ ᠡᠷᠳᠡᠨᠢ ᠰᠢᠰᠢ ᠳᠠᠷᠢᠬᠤ ᠳᠤ ᠰᠢᠨᠵᠢᠯᠡᠬᠦ ᠤᠬᠠᠭᠠᠨ ᠤ ᠮᠡᠷᠭᠡᠵᠢᠯ ᠬᠠᠩᠭᠠᠭᠰᠡᠨ
ᠨᠡᠶᠢᠲᠡᠯᠡᠭᠰᠡᠨ ᠴᠠᠭ᠄
2023/5/19
      ᠡᠨᠡ ᠵᠢᠯ᠂ ᠮᠠᠨ ᠤ ᠬᠤᠲᠠ ᠨᠢᠭᠡ ᠪᠦᠯᠦᠭ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ ᠶᠢ ᠲᠠᠷᠢᠶᠠᠨ ᠭᠠᠵᠠᠷ ᠲᠤ  ᠤᠷᠢᠨ ᠤᠷᠤᠭᠤᠯᠵᠦ᠂ ᠡᠷᠳᠡᠨᠢ ᠰᠢᠰᠢ ᠳᠠᠷᠢᠬᠤ ᠳᠤ ᠰᠢᠨᠵᠢᠯᠡᠬᠦ ᠤᠬᠠᠭᠠᠨ ᠤ ᠮᠡᠷᠭᠡᠵᠢᠯ ᠬᠠᠩᠭᠠᠭᠰᠡᠨ ᠪᠠᠶᠢᠨ᠎ᠠ᠃      ᠯᠢᠨ ᠾᠧ ᠲᠣᠭᠤᠷᠢᠭ ᠤᠨ ᠴᠧᠩ ᠭᠤᠸᠠᠨ ᠪᠠᠯᠭᠠᠰᠤ ᠶᠢᠨ ᠰᠤᠬᠠᠢ ᠲᠣᠰᠬᠤᠨ ᠳᠤ᠂ ᠵᠢᠯᠣᠭᠤᠴᠢ ᠦᠭᠡᠢ ᠨᠢᠭᠡ ᠴᠤᠬᠴᠠᠵᠢᠭᠤᠯᠤᠬᠰᠠᠨ ᠡᠷᠳᠡᠨᠢ ᠰᠢᠰᠢ ᠶᠢᠨ ᠦᠷ᠎ᠡ ᠰᠠᠴᠤᠬᠤ ᠮᠠᠰᠢᠨ ᠲᠠᠷᠢᠶᠠᠨ ᠭᠠᠵᠠᠷ ᠲᠤ ᠦᠷ᠎ᠡ ᠰᠠᠴᠤᠵᠤ᠂ ᠳᠣᠬᠢᠭᠤᠷ ᠲᠤᠯᠤᠭᠠᠨ ᠳᠠᠭᠠᠭᠤᠯᠢ ᠤᠳᠤᠨ ᠤ ᠠᠶᠠᠯᠠᠯ ᠵᠢᠯᠣᠭᠤᠳᠬᠤ ᠰᠢᠰᠲ᠋ᠧᠮ ᠤᠨ ᠣᠨᠣᠪᠴᠢᠲᠠᠢ ᠪᠠᠶᠢᠷᠢ ᠲᠣᠭᠲᠠᠭᠠᠯᠲᠠ ᠳᠣᠣᠷ᠎ᠠ᠂ ᠦᠷ᠎ᠡ ᠰᠠᠴᠤᠬᠤ ᠮᠠᠰᠢᠨ ᠲᠥᠯᠥᠪᠵᠢᠭᠦᠯᠭᠡ ᠶᠢᠨ ᠱᠤᠭᠤᠮ ᠢᠶᠠᠷ ᠠᠦ᠋ᠲ᠋ᠣ᠋ ᠵᠢᠯᠣᠭᠤᠳᠴᠤ᠂ ᠦᠷ᠎ᠡ ᠰᠠᠴᠤᠬᠤ᠂ ᠪᠤᠷᠳᠤᠭᠤᠷ ᠣᠷᠣᠭᠤᠯᠬᠤ᠂ ᠳᠤᠰᠤᠯᠭᠠᠨ ᠤᠰᠤᠯᠠᠬᠤ ᠪᠦᠰᠡ ᠳᠡᠪᠢᠰᠬᠦ᠂ ᠪᠦᠷᠬᠦᠪᠴᠢ ᠶᠢᠨ ᠠᠵᠢᠯ ᠢ ᠵᠡᠷᠭᠡ ᠪᠠᠷ ᠪᠡᠶᠡᠯᠡᠭᠦᠯᠵᠡᠢ᠃      ᠪᠠᠶᠠᠨᠨᠠᠭᠤᠷ ᠬᠤᠲᠠ ᠶᠢᠨ ᠯᠢᠩ ᠳ᠋ᠡ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠨ ᠭᠠᠵᠠᠷ ᠤᠨ ᠬᠠᠮᠢᠶᠠᠷᠤᠭᠴᠢ ᠶᠠᠩ ᠶᠦᠩ ᠭᠠᠩ ᠬᠡᠯᠡᠬᠦ ᠳᠡᠭᠡᠨ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠤᠷᠮ᠎ᠠ ᠶᠢ  ᠳᠡᠭᠡᠭᠰᠢᠯᠡᠬᠦᠯᠪᠡ᠂ ᠤᠳᠤ ᠤᠤᠯ ᠤᠨ ᠬᠢ ᠠᠴᠠ ᠮᠦ ᠪᠦᠷᠢ ᠠᠴᠠ 500 ᠭᠠᠷᠤᠶ ᠰᠠᠭᠤᠷᠢ ᠡᠷᠳᠡᠨᠢ ᠰᠢᠰᠢ ᠢᠯᠡᠭᠦᠦ ᠲᠠᠷᠢᠵᠤ᠂ ᠣᠷᠣᠯᠭ᠎ᠠ ᠨᠢ 200 ᠭᠠᠷᠤᠶ ᠵᠢᠩ ᠨᠡᠮᠡᠭᠳᠡᠵᠦ᠂ ᠬᠤᠷᠢᠶᠠᠯᠲᠠ ᠨᠢ 10% ᠣᠷᠴᠢᠮ ᠨᠡᠮᠡᠭᠳᠡᠭᠰᠡᠨ ᠪᠠᠶᠢᠨ᠎ᠠ᠃ ᠪᠠᠰᠠ  ᠬᠥᠮᠦᠨ ᠤ ᠬᠦᠴᠦ ᠪᠠ ᠴᠠᠭ ᠲᠤ ᠠᠷᠪᠢᠲᠠᠢ ᠭᠡᠵᠦ ᠪᠠᠶᠢᠯ᠎ᠠ᠃      ᠳᠣᠬᠢᠭᠤᠷ ᠲᠤᠯᠤᠭᠠᠨ ᠣᠳᠣᠨ ᠤ ᠠᠶᠠᠯᠠᠯ ᠵᠢᠯᠣᠭᠤᠳᠬᠤ ᠰᠢᠰᠲ᠋ᠧᠮ ᠢᠶᠠᠷ ᠳᠠᠷᠢᠭᠰᠠᠨ ᠰᠠᠭᠤᠷᠢᠨ ᠳᠡᠭᠡᠷ᠎ᠡ᠂ ᠠᠳᠡᠬᠢ ᠲᠠᠷᠢᠶᠠᠨ ᠭᠠᠵᠠᠷ ᠲᠤ ᠪᠠᠰᠠ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠬᠡᠷᠡᠭᠯᠡᠭᠰᠡᠨ ᠪᠣᠯᠬᠤᠷ ᠡᠨᠡ ᠬᠦ ᠮᠡᠷᠭᠡᠵᠢᠯ ᠢᠶᠠᠷ ᠳᠠᠮᠵᠢᠭᠤᠯᠤᠨ ᠤᠰᠤ ᠪᠣᠷᠳᠣᠭᠤᠷ ᠤᠨ ᠲᠣᠬᠢᠷᠠᠭᠤᠯᠤᠯ ᠡᠵᠡᠮᠳᠡᠯ ᠢ ᠨᠠᠩ ᠣᠨᠣᠪᠴᠢᠲᠠᠶ ᠬᠢᠵᠦ ᠪᠣᠯᠤᠨ᠎ᠠ᠃      ᠡᠨᠡ ᠵᠢᠯ᠂ ᠮᠠᠨ ᠤ ᠬᠤᠲᠠ ᠡᠷᠳᠡᠨᠢ ᠰᠢᠰᠢ ᠶᠢ ᠨᠢᠭᠲᠠ ᠲᠠᠷᠢᠵᠦ ᠲᠤᠬᠢᠷᠠᠭᠤᠯᠤᠨ ᠡᠵᠡᠮᠳᠡᠯ ᠤᠨ ᠮᠡᠷᠭᠡᠵᠢᠯ ᠪᠠ ᠳᠣᠬᠢᠭᠤᠷ ᠲᠤᠯᠤᠭᠠᠨ ᠣᠲᠣ ᠪᠠ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠶᠡᠭᠡ ᠬᠡᠪᠴᠢᠶ᠎ᠡ ᠪᠠᠷ ᠳᠡᠯᠭᠡᠷᠡᠭᠦᠯᠵᠦ᠂ ᠡᠷᠳᠡᠨᠢ ᠰᠢᠰᠢ ᠳᠠᠷᠢᠬᠤ ᠶᠠᠪᠤᠴᠠ ᠳᠠᠬᠢ ᠰᠢᠯᠤᠭᠤᠨ ᠪᠤᠰᠤ᠂ ᠵᠠᠶ ᠨᠢ ᠵᠢᠭᠳᠡ ᠪᠤᠰᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠨ᠂ ᠥᠨᠳᠥᠷ ᠪᠦᠲᠦᠮᠵᠢᠲᠡᠶ ᠤᠰᠤ ᠪᠠ ᠪᠣᠷᠲᠣᠭᠤᠷ ᠢ ᠠᠷᠪᠢᠯᠠᠬᠤ᠂ ᠳᠤᠰᠤᠯᠭᠠᠨ ᠤᠰᠤᠯᠠᠬᠤ ᠪᠦᠰᠡ ᠶᠢᠨ ᠬᠤᠭᠤᠷᠣᠨᠳᠣᠬᠢ ᠵᠠᠶ ᠨᠢ ᠵᠢᠭᠳᠡ ᠨᠢᠭᠡᠳᠦᠯᠲᠡᠶ ᠡᠷᠳᠡᠨᠢ ᠰᠢᠰᠢ ᠶᠢ ᠨᠠᠷᠢᠯᠢᠭ ᠳᠠᠷᠢᠬᠤ ᠶᠢ ᠪᠡᠶᠡᠯᠡᠭᠦᠯᠵᠦ᠂ ᠲᠠᠷᠢᠶᠠᠯᠠᠩ ᠤᠨ ᠤᠶᠢᠯᠡᠳᠪᠤᠷᠢᠯᠡᠯ ᠤᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃      ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠮᠠᠯ ᠤᠨ ᠤᠶᠢᠯᠡᠰ ᠤᠨ ᠰᠠᠯᠠᠭᠠᠨ ᠤ ᠳᠠᠷᠤᠭ᠎ᠠ ᠯᠢ ᠳ᠋ᠦᠩ ᠸᠧᠶ ᠰᠤᠷᠪᠤᠯᠵᠢᠯᠠᠭᠴᠢ ᠳᠤ᠂ ᠪᠥᠬᠦ ᠬᠤᠲᠠ ᠶᠢᠨ ᠵᠢᠱᠢᠶ᠎ᠡ ᠦᠵᠡᠭᠦᠯᠬᠦ ᠲᠠᠯᠠᠪᠠᠶ 24 ᠲᠦᠮᠡᠨ ᠮᠥ ᠳᠤ ᠬᠦᠷᠴᠦ᠂ ᠭᠤᠤᠯᠳᠠᠭᠤ ᠵᠢᠯᠣᠭᠤᠴᠢ ᠥᠬᠡᠶ ᠦᠷ᠎ᠡ ᠰᠠᠴᠤᠬᠤ ᠮᠠᠰᠢᠨ ᠢ ᠬᠡᠷᠡᠭᠯᠡᠨ ᠲᠠᠷᠢᠮᠠᠯ ᠤᠨ ᠲᠠᠯᠠᠪᠠᠶ ᠶᠢ ᠳᠡᠭᠡᠭᠰᠢᠯᠡᠭᠦᠯᠵᠦ᠂ ᠲᠠᠷᠢᠮᠠᠯ ᠤᠨ ᠨᠢᠭᠲᠠᠴᠠ ᠶᠢ ᠨᠡᠮᠡᠭᠳᠡᠭᠦᠯᠦᠨ᠎ᠡ᠂ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠶᠢᠨ ᠭᠤᠤᠯᠳᠠᠯᠭ᠎ᠠ ᠪᠣᠯ ᠤᠰᠤ ᠪᠣᠷᠳᠣᠭᠤᠷ ᠢ ᠨᠢᠭᠡ ᠴᠤᠭᠴᠠᠵᠢᠭᠤᠯᠤᠨ ᠳᠤᠰᠤᠯᠭᠠᠨ ᠤᠰᠤᠯᠠᠬᠤ ᠮᠡᠷᠭᠡᠵᠢᠯ ᠢ ᠥᠷᠨᠢᠭᠦᠯᠵᠦ᠂ ᠪᠥᠬᠦ ᠬᠤᠲᠠ ᠶᠢᠨ ᠶᠡᠭᠡ ᠬᠡᠪᠴᠢᠶ᠎ᠡ ᠪᠠᠷ ᠲᠡᠩᠴᠡᠭᠦᠷᠢᠲᠡᠶ ᠤᠨᠠᠯᠲᠠ ᠶᠢ ᠨᠡᠮᠡᠭᠳᠡᠭᠦᠯᠬᠦ ᠶᠢ ᠨᠥᠯᠥᠭᠡᠯᠡᠨ ᠳᠠᠶᠢᠴᠢᠯᠠᠨ᠎ᠠ᠂ ᠵᠢᠱᠢᠯᠲᠡ ᠪᠠᠷ ᠡᠨᠡ ᠵᠢᠯ ᠤᠨ ᠡᠷᠳᠡᠨᠢ ᠰᠢᠰᠢ ᠶᠢᠨ ᠮᠥ ᠪᠦᠷᠢ ᠶᠢᠨ ᠳᠤᠮᠳᠠᠴᠢ ᠤᠨᠠᠯᠲᠠ ᠶᠢ 50~100 ᠵᠢᠩ ᠨᠡᠮᠡᠭᠳᠡᠭᠦᠯᠵᠦ᠂ ᠪᠥᠬᠦ ᠬᠤᠲᠠ ᠶᠢᠨ ᠡᠷᠳᠡᠨᠢ ᠰᠢᠰᠢ ᠶᠢᠨ ᠶᠡᠷᠦᠩᠬᠡᠶ ᠤᠨᠠᠯᠲᠠ ᠶᠢ ᠪᠠᠷᠤᠭ 3 ᠳ᠋ᠦᠩᠰᠢᠭᠤᠷ ᠵᠢᠩ ᠣᠷᠴᠢᠮ ᠨᠡᠮᠡᠭᠳᠡᠭᠦᠯᠦᠨ᠎ᠡ ᠭᠡᠵᠦ ᠪᠠᠶᠢᠯ᠎ᠠ᠃                                          
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ