ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂  ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2023/5/19
      ᠮᠠᠨ ᠤ ᠬᠤᠲᠠ ︽ᠲᠠᠪᠤᠨ ᠶᠡᠭᠡ ᠡᠭᠦᠷᠭᠡ︾ ᠪᠠᠷ ᠭᠠᠷᠳᠠᠴᠠ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠠᠵᠤ ᠠᠬᠤᠢ ᠶᠢᠨ ᠬᠥᠭᠵᠢᠯᠲᠡ ᠪᠠᠨ ᠲᠦᠷᠭᠡᠳᠬᠡᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠪᠠᠶᠢᠨ᠎ᠠ᠃      ᠦᠶᠤᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠡᠷᠡᠭ ᠡᠷᠬᠢᠯᠡᠬᠦ ᠲᠢᠩᠬᠢᠮ ᠳᠤ ᠬᠦᠷᠬᠦ ᠳᠤ᠂ ᠬᠠᠪᠰᠤᠷᠤᠨ ᠭᠦᠢᠴᠡᠳᠭᠡᠭᠴᠢ ᠣᠷᠣᠯᠠᠨ ᠭᠦᠢᠴᠡᠳᠭᠡᠭᠴᠢ ᠠᠵᠢᠯᠲᠠᠳ ᠶᠠᠭ ᠬᠤᠳᠠ ᠶᠢᠨ ᠠᠷᠠᠳ ᠳ᠋ᠤᠸᠠᠨ ᠶᠠ ᠴᠢᠩ ᠢ ᠬᠠᠪᠰᠤᠷᠤᠨ ᠡᠵᠡᠩᠨᠡᠯᠲᠡ ᠶᠢᠨ ᠦᠨᠡᠮᠯᠡᠯ ᠤᠨ ᠤᠴᠢᠷ ᠶᠠᠪᠤᠳᠠᠯ ᠢ ᠭᠦᠢᠴᠡᠳᠬᠡᠵᠦ᠂ ᠦᠶᠤᠸᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠠᠷᠭᠠᠭᠰᠠᠨ ︽ᠳᠡᠯᠭᠡᠭᠦᠷ ᠤᠨ ᠰᠢᠶᠣᠣ ᠡᠯ︾ ᠮᠠᠶ᠋ᠢᠭ ᠤᠨ ᠬᠠᠪᠰᠤᠷᠤᠨ ᠭᠦᠢᠴᠡᠳᠭᠡᠭᠴᠢ ᠣᠷᠣᠯᠠᠨ ᠭᠦᠢᠴᠡᠳᠭᠡᠭᠴᠢ ᠦᠢᠯᠡᠴᠢᠯᠡᠭᠡ ᠨᠢ ᠲᠡᠭᠦᠨ ᠢ ᠬᠠᠪᠰᠤᠷᠤᠨ ᠴᠠᠭ ᠢ ᠨᠢ ᠪᠠᠭ᠎ᠠ ᠪᠤᠰᠤ ᠠᠷᠪᠢᠯᠠᠪᠠ᠃      ᠳ᠋ᠤᠸᠠᠨ ᠶᠠ ᠴᠢᠩ ᠤᠨ ᠬᠡᠯᠡᠬᠦ ᠪᠠᠷ᠂ ᠣᠲᠣ ᠣᠷᠣᠵᠤ ᠢᠷᠡᠬᠦ ᠳᠤ ᠶᠡᠭᠡ ᠲᠥᠬᠦᠮ᠂ ᠬᠥᠮᠥᠰ ᠦᠢᠯᠡᠴᠢᠯᠡᠭᠡ ᠲᠠᠢ᠂ ᠬᠠᠮᠢᠭ᠎ᠠ ᠠᠴᠠ ᠰᠢᠢᠳᠪᠦᠷᠢᠯᠡᠵᠦ ᠳᠡᠶᠢᠯᠬᠦ ᠶᠢ ᠵᠢᠭᠠᠵᠤ ᠦᠭᠭᠦᠨ᠎ᠡ᠂ ᠬᠠᠮᠢᠭ᠎ᠠ ᠠᠴᠠ ᠮᠡᠳᠡᠬᠦ ᠦᠭᠡᠢ ᠪᠣᠯ ᠪᠢᠳᠡ ᠪᠦᠷ ᠴᠢᠳᠠᠴᠢᠬᠠᠨ᠎ᠠ᠂ ᠲᠦᠷᠭᠡᠨ ᠮᠥᠷᠲᠡᠭᠡᠨ ᠲᠥᠬᠦᠮ᠂ ᠦᠢᠯᠡᠴᠢᠯᠡᠭᠡ ᠪᠠᠷ ᠴᠦ ᠶᠡᠭᠡ ᠰᠠᠶᠢᠨ  ᠭᠡᠵᠤ ᠪᠠᠶᠢᠯ᠎ᠠ᠃      ᠡᠭᠦᠨ ᠤ ᠬᠠᠮᠲᠤ ᠦᠶᠤᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠪᠠᠰᠠ ︽ᠨᠢᠭᠡ ᠰᠦᠯᠵᠢᠶ᠎ᠡ ᠪᠠᠷ ᠠᠯᠪᠠᠨ ᠭᠡᠷ︾᠂ ᠨᠢᠭᠡ ᠴᠣᠩᠬᠤ ᠪᠠᠷ ᠠᠯᠪᠠᠨ ᠭᠡᠷ ᠵᠡᠷᠭᠡ ᠦᠢᠯᠡᠴᠢᠯᠡᠭᠡ ᠶᠢ ᠬᠡᠷᠡᠭᠵᠢᠭᠦᠯᠵᠦ᠂ ᠠᠵᠤ ᠠᠬᠤᠶᠢᠯᠠᠯ ᠪᠠ ᠤᠯᠠᠨ ᠲᠦᠮᠡᠨ ᠳᠤ ︽ᠵᠠᠢ ᠵᠠᠪᠰᠠᠷ ᠦᠭᠡᠢ︾ ᠦᠢᠯᠡᠴᠢᠯᠡᠭᠡ ᠬᠠᠩᠭᠠᠪᠠ᠃ ᠣᠲᠣ ᠪᠣᠯᠲᠠᠯ᠎ᠠ᠂ ᠬᠡᠷᠡᠭ ᠡᠷᠭᠢᠯᠡᠬᠦ ᠲᠢᠩᠬᠢᠮ ᠤᠨ ︽ᠶᠡᠷᠦᠩᠬᠡᠶᠢᠯᠡᠭᠰᠡᠨ ᠨᠢᠭᠡ ᠴᠣᠩᠬᠤ︾ ᠨᠢ ᠨᠡᠶᠢᠲᠡ 26904 ᠵᠦᠢᠯ ᠢ ᠭᠥᠯᠢᠶᠡᠨ ᠠᠪᠴᠤ ᠰᠢᠢᠳᠪᠦᠷᠢᠯᠡᠵᠦ᠂ 1521 ᠵᠦᠢᠯ ᠤᠨ ᠬᠡᠷᠡᠭ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠵᠦ᠂ ᠬᠡᠷᠡᠭ ᠶᠠᠪᠤᠳᠠᠯ ᠤᠨ ᠣᠷᠣᠵᠤ ᠰᠠᠭᠤᠭᠰᠠᠨ ᠨᠣᠷᠮ᠎ᠠ ᠨᠢ 93% ᠪᠣᠯᠣᠨ᠎ᠠ᠃      ᠦᠶᠤᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠮᠠ ᠷᠦᠢ  ᠶᠢᠨ ᠶᠠᠷᠢᠬᠤ ᠪᠠᠷ᠂ ᠢᠮᠠᠭᠲᠠ ᠰᠢᠯᠢᠳᠡᠭ ᠦᠢᠯᠡᠴᠢᠯᠡᠭᠡᠨ ᠤ ᠣᠪᠣᠷ ᠪᠣᠯᠣᠨ ᠨᠠᠷᠢᠨ ᠬᠢᠨᠠᠮᠠᠭᠠᠢ ᠠᠵᠢᠯ ᠤᠨ ᠰᠤᠷᠲᠠᠯ ᠢᠶᠠᠷ ᠠᠷᠠᠳ ᠤᠯᠠᠨ ᠢ ᠤᠴᠢᠷ ᠶᠠᠪᠤᠳᠠᠯ ᠪᠦᠲᠦᠭᠡᠬᠦ ᠳᠤ ᠨᠡᠩ ᠳᠥᠭᠦᠮ᠂ ᠨᠡᠩ ᠰᠠᠨᠠᠭ᠎ᠠ ᠠᠮᠤᠷ᠂ ᠨᠡᠩ ᠲᠠᠭᠠᠯᠠᠮᠵᠢᠲᠠᠢ ᠪᠣᠯᠭᠠᠵᠤ᠂ ᠤᠯᠠᠨ ᠲᠦᠮᠡᠨ ᠤ ᠬᠠᠮᠤᠭ ᠤᠨ ᠬᠠᠨᠤᠮᠵᠢᠲᠠᠢ ᠴᠣᠩᠬᠤ ᠶᠢ ᠴᠢᠷᠮᠠᠶᠢᠨ ᠴᠣᠭᠴᠠᠯᠠᠬᠤ ᠪᠠᠷ ᠴᠢᠷᠮᠠᠶᠢᠨ᠎ᠠ ᠭᠡᠪᠡ᠃      ᠡᠨᠡ ᠵᠢᠯ ᠠᠴᠠ ᠨᠠᠰᠢ᠂ ᠮᠠᠨ ᠤ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ︽ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠶᠢ ᠪᠥᠬᠦ ᠲᠠᠯ᠎ᠠ ᠪᠠᠷ ᠳᠡᠯᠭᠡᠷᠡᠭᠦᠯᠬᠦ ᠶᠢᠨ ᠬᠠᠮᠲᠤ ᠲᠥᠷᠥᠯ ᠵᠦᠢᠯ ᠢ ᠪᠣᠳᠠᠲᠠᠶᠢᠵᠢᠭᠤᠯᠬᠤ ᠪᠥᠬᠦ ᠶᠠᠪᠤᠴᠠ ᠶᠢᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂  ᠴᠢᠬᠤᠯᠠ  ᠶᠡᠭᠡ  ᠲᠥᠷᠥᠯ  ᠵᠦᠢᠯ  ᠢ  ᠲᠥᠪᠯᠡᠷᠡᠭᠦᠯᠦᠨ  ᠬᠢᠨᠠᠨ  ᠵᠥᠪᠰᠢᠶᠡᠷᠡᠬᠦ᠂ ︽ᠵᠥᠪᠳᠡᠯᠴᠡᠨ ᠬᠠᠮᠲᠤᠷᠠᠨ ᠬᠢᠨᠠᠬᠤ︾ ᠵᠡᠷᠭᠡ ᠲᠣᠭᠲᠠᠴᠠ ᠶᠢ ᠬᠡᠷᠡᠭᠵᠢᠭᠦᠯᠪᠡ᠃ ᠣᠳᠣᠬᠠᠨ ᠳᠤ ᠪᠥᠬᠦ ᠬᠤᠲᠠ ᠳᠤ ︽ᠲᠠᠨ ᠢ ᠬᠠᠪᠰᠤᠷᠤᠨ ᠭᠦᠢᠴᠡᠳᠬᠡᠬᠦ︾ ᠴᠣᠩᠬᠤ 24᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠥᠷᠥᠯ ᠵᠦᠢᠯ 52 ᠪᠣᠶ᠃ 24 ᠴᠠᠭ ᠤᠨ ᠥᠪᠡᠷᠲᠡᠭᠡᠨ ᠦᠢᠯᠡᠴᠢᠯᠡᠬᠦ ᠣᠶᠤᠨᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠪᠠᠶᠢᠭᠤᠯᠵᠤ᠂ 1227 ᠵᠦᠢᠯ ᠤᠨ ᠥᠨᠳᠥᠷ ᠳᠠᠪᠲᠠᠮᠵᠢᠲᠤ ᠵᠦᠢᠯᠡᠰ ᠤᠨ ᠥᠪᠡᠰᠦᠪᠡᠨ ᠦᠢᠯᠡᠴᠢᠯᠡᠬᠦ ᠦᠵᠦᠭᠦᠷ ᠢ ᠪᠠᠶᠢᠴᠠᠭᠠᠨ ᠰᠢᠢᠳᠪᠦᠷᠢᠯᠡᠵᠦ ᠪᠣᠯᠬᠤ ᠶᠢ ᠪᠡᠶᠡᠯᠡᠭᠦᠯᠪᠡ᠃ ︽ᠵᠠᠰᠠᠭ ᠪᠠᠩᠬᠢ ᠠᠵᠤ ᠠᠬᠤᠶᠢᠯᠠᠯ︾ ᠤᠨ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠬᠤᠲᠠ ᠶᠢᠨ ᠲᠣᠭᠤᠷᠢᠭ ᠲᠤ 15 ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠪᠣᠶ ᠪᠣᠯᠭᠠᠵᠤ᠂ ᠣᠯᠠᠨ ᠲᠦᠮᠡᠨ ᠤ ︽ᠣᠶᠢᠷ᠎ᠠ ᠬᠠᠪᠢ ᠳᠠᠭᠠᠨ ᠡᠷᠭᠢᠯᠡᠬᠦ︾ ᠳᠤ ᠲᠥᠬᠦᠮ ᠪᠤᠯᠭᠠᠵᠠᠢ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ