ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂  ᠮᠠᠨ ᠤ ᠬᠤᠲᠠ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ ᠤᠰᠤᠯᠠᠯᠲᠠ ᠶᠢᠨ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/5/19
      ᠮᠠᠨ ᠤ ᠬᠤᠳᠠ ︽ᠤᠰᠤ ᠠᠷᠪᠢᠯᠠᠵᠤ ᠦᠷ᠎ᠡ ᠠᠰᠢᠭ ᠢ ᠲᠡᠭᠡᠭᠰᠢᠯᠡᠭᠦᠯᠦᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ︾ ᠪᠠᠷ ᠬᠠᠷᠠᠯᠲᠠ ᠪᠣᠯᠭᠠᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠲᠠᠷᠢᠶᠠᠯᠠᠩ ᠤᠨ ᠤᠰᠤ ᠶᠢ ᠠᠷᠪᠢᠯᠠᠬᠤ ᠶᠢ ᠲᠦᠯᠬᠢᠨ ᠠᠬᠢᠭᠤᠯᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠡᠷᠴᠢᠮᠯᠢᠭ ᠪᠥᠭᠡᠳ ᠥᠨᠳᠥᠷ ᠦᠷ᠎ᠡ ᠠᠰᠢᠭ ᠲᠠᠢ ᠪᠣᠯᠭᠠᠨ ᠬᠤᠪᠢᠷᠠᠭᠤᠯᠵᠤ᠂ ᠤᠰᠤᠯᠠᠯᠲᠠ ᠶᠢᠨ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃      ᠤᠶᠢᠷ᠎ᠠ ᠶᠢᠨ ᠬᠤᠭᠤᠴᠠᠭᠠᠨ ᠳᠤ᠂ ᠦᠶᠦᠸᠠᠨ ᠰᠢᠶᠠᠨ ᠤ ᠤᠰᠤᠨ ᠠᠰᠢᠭᠯᠠᠯᠲᠠ ᠶᠢᠨ ᠲᠤᠪᠴᠢᠶ᠎ᠠ ᠪᠤᠯᠤᠨ ᠴᠠᠬᠢᠯᠭᠠᠨ ᠬᠠᠩᠭᠠᠬᠤ ᠺᠣᠮᠫᠠᠨᠢ ᠶᠢᠨ ᠠᠵᠢᠯᠲᠠᠳ ᠯᠦᠩ ᠰᠢᠩ ᠴᠠᠩ ᠪᠠᠯᠭᠠᠰᠤᠨ ᠤ ᠯᠢᠶᠠᠨ ᠡᠾᠧ ᠲᠣᠰᠬᠤᠨ ᠳᠤ ᠭᠦᠷᠴᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠦᠷᠦᠯ ᠵᠦᠢᠯ ᠤᠨ ᠭᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ ᠪᠠᠶᠢᠯ᠎ᠠ᠃ ᠯᠢᠶᠠᠨ ᠡᠾᠧ ᠲᠣᠰᠬᠤᠨ ᠤ ᠬᠢᠨ 2021 ᠣᠨ ᠳᠤ ᠤᠰᠤ ᠬᠡᠷᠡᠭᠯᠡᠬᠦ ᠬᠡᠮᠵᠢᠯᠲᠡ ᠶᠢᠨ ᠬᠦᠰᠦᠨᠦᠭ ᠤᠭᠰᠠᠷᠠᠵᠤ᠂ ᠤᠰᠤ ᠠᠷᠪᠢᠯᠠᠬᠤ ᠴᠢᠳᠠᠪᠬᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠠᠢ᠃      ᠦᠶᠦᠸᠠᠨ ᠰᠢᠶᠠᠨ ᠤ ᠯᠦᠩ ᠰᠢᠩ ᠴᠠᠩ ᠪᠠᠯᠭᠠᠰᠤᠨ ᠤ ᠯᠢᠶᠠᠨ ᠾᠧ ᠲᠣᠰᠬᠤᠨ ᠤ ᠠᠷᠠᠳ ᠯᠢ ᠵᠢᠶᠦ᠋ᠨ ᠭᠦᠸᠧ ᠶᠢᠨ ᠭᠡᠯᠡᠭᠦ ᠪᠠᠷ᠂ ᠣᠳᠣᠬᠠᠨ ᠳᠤ ᠮᠠᠰᠢᠨ ᠴᠠᠬᠢᠯᠭᠠᠨ ᠤ ᠬᠤᠳᠳᠤᠭ ᠲᠤ ᠬᠡᠮᠵᠢᠯᠲᠡ ᠶᠢᠨ ᠲᠥᠬᠦᠭᠡᠷᠦᠮᠵᠢ ᠤᠭᠰᠠᠷᠠᠵᠤ ᠲᠠᠷᠢᠶᠠᠯᠠᠩ ᠤᠨ ᠤᠰᠤᠯᠠᠯᠲᠠ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠵᠤ᠂ ᠨᠠᠷᠢᠯᠢᠭ ᠣᠨᠣᠴᠠᠲᠠᠶ ᠪᠠᠷ ᠬᠡᠮᠵᠢᠵᠦ᠂ ᠤᠰᠤᠨ ᠤ ᠡᠬᠢ ᠪᠠᠶᠠᠯᠢᠭ ᠢ ᠪᠦᠲᠦᠮᠵᠢᠲᠡᠶ ᠪᠠᠷ ᠠᠷᠪᠢᠯᠠᠭᠰᠠᠨ ᠭᠡᠵᠦ ᠪᠠᠶᠢᠯ᠎ᠠ᠃      ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠦᠶᠦᠸᠠᠨ ᠰᠢᠶᠠᠨ ᠤ ᠲᠥᠷᠥᠯ ᠵᠦᠢᠯ ᠤᠨ ᠲᠣᠭᠤᠷᠢᠭ ᠤᠨ ᠳᠣᠲᠣᠷᠠᠬᠢ ᠵᠠᠮ‌‍ᠰᠤᠪᠠᠭ ᠂ ᠲᠠᠷᠢᠶᠠᠨ ᠭᠠᠵᠠᠷ᠂ ᠤᠰᠤ ᠬᠡᠮᠵᠢᠬᠦ ᠲᠥᠬᠦᠭᠡᠷᠦᠮᠵᠢ ᠵᠢᠴᠢ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠭᠤᠯᠤᠯ ᠴᠦᠮ ᠤᠯᠠᠮ ᠨᠢᠭᠡ ᠠᠯᠬᠤᠮ ᠲᠡᠭᠦᠯᠳᠡᠷᠵᠢᠵᠦ᠂ ᠲᠠᠷᠢᠶᠠᠯᠠᠩ ᠤᠨ ᠤᠰᠤ ᠠᠷᠪᠢᠯᠠᠬᠤ ᠶᠢ ᠠᠭᠢᠭᠤᠯᠤᠨ᠂ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠪᠡ ᠃      ᠮᠠᠨ ᠤ ᠬᠤᠲᠠ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠶ ᠠᠬᠢᠭᠤᠯᠵᠤ᠂ ︽ᠲᠠᠷᠢᠶᠠᠯᠠᠩ ᠤᠨ ᠤᠰᠤ ᠠᠷᠪᠢᠯᠠᠵᠤ ᠤᠰᠤ ᠶᠢ ᠬᠢᠵᠠᠭᠠᠷᠯᠠᠨ ᠲᠠᠷᠢᠶᠠᠯᠠᠩ ᠤᠨ ᠦᠷ᠎ᠡ ᠠᠰᠢᠭ ᠢ ᠲᠡᠭᠡᠭᠰᠢᠯᠡᠭᠦᠯᠦᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠰᠢᠪᠳᠤᠯᠤᠯᠳᠠ ᠶᠢᠨ ᠲᠡᠶᠢᠨ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠲᠣᠭᠲᠠᠴᠠ ᠶᠢᠨ ᠰᠢᠨ᠎ᠡ ᠶᠢ ᠡᠭᠦᠳᠬᠦ᠂ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ᠂ ᠲᠠᠷᠢᠶᠠᠯᠠᠩ ᠤᠨ ᠤᠰᠤᠨ ᠤ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠬᠦ ᠪᠠᠷ ᠳᠠᠮᠵᠢᠭᠤᠯᠤᠨ᠂ ᠤᠰᠤ  ᠠᠷᠪᠢᠯᠠᠬᠤ ᠶᠢ ᠱᠠᠩᠨᠠᠨ ᠭᠦᠭᠢᠭᠦᠯᠭᠦ ᠠᠷᠭ᠎ᠠ ᠵᠡᠷᠭᠡ ᠶᠢ ᠨᠡᠶᠢᠲᠡᠯᠡᠵᠦ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠪᠡ᠃ ᠣᠳᠣᠬᠠᠨ ᠳᠤ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠯᠤᠰ ᠠᠴᠠ ᠬᠠᠮᠢᠶᠠᠷᠬᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠠᠷᠢᠶᠠᠯᠠᠩ ᠳᠤ ᠬᠠᠩᠭᠠᠬᠤ ᠤᠰᠤᠨ ᠤ ᠥᠪᠡᠷ ᠤᠨ ᠥᠷᠲᠡᠭ ᠢ ᠲᠥᠰᠦᠭᠡᠯᠡᠨ ᠪᠣᠳᠣᠬᠤ ᠪᠠ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠠᠵᠢᠯ ᠢ ᠨᠢᠭᠡᠨᠳᠡ ᠪᠠᠶᠠᠯᠡᠭᠦᠯᠵᠦ ᠬᠠᠲᠤᠨ ᠭᠤᠣᠯ ᠤᠨ ᠤᠰᠤᠯᠠᠯᠳᠠ ᠶᠢᠨ ᠣᠷᠣᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠲᠥᠯᠥᠪᠯᠡᠭᠡ ᠲᠠᠢ ᠪᠠᠷ ᠬᠠᠮᠢᠶᠠᠷᠬᠤ᠂ ᠲᠠᠪᠠᠭᠤᠯᠤᠨ ᠬᠡᠷᠡᠭᠯᠡᠭᠰᠡᠨ ᠤᠰᠤ ᠶᠢ ᠠᠬᠢᠭᠤᠯᠤᠨ ᠪᠤᠳᠤᠵᠤ ᠲᠠᠲᠠᠪᠤᠷᠢᠯᠠᠬᠤ ᠭᠤᠷᠪᠠᠨ ᠱᠠᠲᠤᠨ ᠤ ᠤᠰᠤᠨ ᠤ ᠦᠨ᠎ᠡ ᠶᠢ ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠨᠥᠬᠦᠪᠥᠷᠢ ᠥᠭᠬᠦ ᠵᠢᠴᠢ ᠤᠰᠤ ᠠᠷᠪᠢᠯᠠᠬᠤ ᠶᠢ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠳᠠ ᠳᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠡᠯᠡ ᠮᠥᠩᠭᠦ ᠶᠢ 1887 ᠲᠦᠮᠡᠨ ᠲᠥᠭᠦᠷᠢᠭ ᠪᠠᠭᠤᠯᠭᠠᠵᠤ᠂ ᠮᠠᠨ ᠤ ᠬᠤᠳᠠ ᠬᠠᠳᠤᠨ ᠭᠤᠣᠯ ᠤᠨ  ᠤᠰᠤᠯᠠᠯᠳᠠ ᠶᠢᠨ ᠣᠷᠣᠨ ᠳᠤ ᠤᠰᠤ ᠠᠷᠪᠢᠯᠠᠬᠤ ᠶᠢ ᠱᠠᠩᠨᠠᠨ ᠬᠥᠬᠢᠭᠦᠯᠬᠦ ᠶᠢ ᠦᠷᠭᠦᠯᠵᠢᠯᠡᠨ ᠪᠦᠬᠦ ᠲᠠᠯ᠎ᠠ ᠪᠠᠷ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠶᠢ ᠦᠷᠭᠦᠯᠵᠢᠯᠡᠨ ᠲᠦᠯᠭᠢᠨ ᠠᠭᠢᠭᠤᠯᠬᠤ ᠪᠤᠯᠤᠨ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ