ᠤᠷᠠᠳ ᠤᠨ ᠬᠤᠶᠢᠲᠤ ᠬᠤᠰᠢᠭᠤ ᠬᠤᠶᠠᠳᠤᠭᠠᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/26
      4 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠤᠷᠠᠳ ᠤᠨ ᠬᠤᠶᠢᠲᠤ ᠬᠤᠰᠢᠭᠤᠨ ᠤ ᠬᠤᠶᠠᠳᠤᠭᠠᠷ‌ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠵᠢᠨ‌ᠠᠵᠢᠯᠯᠠᠭᠠᠨ ᠤ ᠠᠵᠢᠯ ᠢ ᠵᠠᠷᠯᠠᠨ ᠮᠡᠳᠡᠭᠳᠡᠵᠦ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ‍ᠤᠨ‌ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠡᠴᠡᠩᠭᠤᠸ᠎ᠠ᠂ ᠬᠤᠰᠢᠭᠤᠨ ᠤ ᠤᠯᠤᠰ‌‍ᠲ᠋ᠥ᠋ᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠮᠧᠩ ᠵᠢᠶᠦ᠋ᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠠᠯᠲᠠᠨᠪᠤᠯᠠᠭ᠂ ᠨᠠᠷᠠᠰᠤ᠂ ᠸᠠᠩ ᠰᠢᠶᠣᠣ ᠶᠠᠨ᠂ ᠵᠤ᠋ ᠹᠧᠩ᠂ ᠶᠢᠨ ᠳ᠋ᠦᠩ᠂ ᠸᠠᠩ ᠶᠠᠨ ᠣᠷᠣᠯᠴᠠᠵᠠᠢ᠃      ᠸᠠᠩ ᠶᠢᠨ ᠪᠦᠦ ᠵᠢᠭᠠᠵᠤ ᠭᠠᠷᠭᠠᠭᠰᠠᠨ ᠨᠢ᠂ ᠨᠢᠭᠡᠳᠦᠭᠡᠷ ᠤᠯᠠᠷᠢᠯ ᠳᠤ᠂ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ᠡᠬᠢᠯᠡᠯᠲᠡ ᠵᠢᠨ‌ᠬᠠᠨᠳᠤᠰᠢ ᠰᠠᠶᠢᠨ ᠪᠠᠶᠢᠵᠤ᠂ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠬᠦᠴᠦᠲᠡᠢ ᠪᠠᠶᠢᠵᠤ᠂ ᠡᠯ᠎ᠡ ᠵᠦᠢᠯ ᠤᠨ ᠠᠵᠢᠯ ᠲᠣᠪᠤᠶᠢᠮ᠎ᠠ ᠠᠮᠵᠢᠯᠲᠠ ᠣᠯᠵᠠᠢ᠃ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠪᠠᠶᠢᠳᠠᠯ ᠢ ᠲᠣᠳᠣᠷᠬᠠᠢ ᠲᠠᠨᠢᠵᠤ᠂ ᠡᠯ᠎ᠡ ᠵᠦᠢᠯ ᠤᠨ ᠬᠠᠷᠠᠯᠳᠠᠳᠤ ᠭᠦᠢᠴᠡᠳᠬᠡᠬᠦ ᠲᠤᠭ᠎ᠠ ᠶᠢᠨ ᠡᠭᠦᠷᠭᠡ ᠶᠢ ᠴᠢᠩᠭ᠎ᠠ‌ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠩ ᠡᠷᠡᠰ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ᠂ ᠴᠠᠭ ᠮᠥᠴᠡ ᠵᠢ‌ᠠᠯᠳᠠᠯ ᠦᠭᠡᠢ ᠲᠡᠮᠡᠴᠡᠬᠦ ᠪᠠᠶᠢᠳᠠᠯ ᠢᠶᠠᠷ ᠨᠡᠩ ᠶᠡᠭᠡ ᠬᠦᠴᠦ ᠣᠷᠣᠭᠤᠯᠵᠤ ᠪᠠᠶᠢᠭᠠᠳ ᠲᠦᠷᠦᠯ ᠵᠦᠢᠯ ᠢ ᠠᠳᠬᠤᠬᠤ᠂ ᠪᠡᠯᠡ ᠣᠷᠣᠭᠤᠯᠤᠯᠲᠠ ᠶᠢ ᠠᠳᠬᠤᠬᠤ᠂ᠠᠷᠠᠯᠵᠢᠶᠠᠴᠢᠨ ᠤᠷᠢᠬᠤ ᠶᠢ ᠠᠳᠬᠤᠬᠤ᠂ ᠴᠢᠬᠤᠯᠠ ᠡᠯᠧᠮᠧᠨ᠋ᠲ ᠤᠨ ᠣᠷᠣᠭᠤᠯᠤᠯᠲᠠ ᠶᠢ ᠠᠳᠬᠤᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢ‌ᠠᠳᠬᠤᠬᠤ᠂ ᠰᠠᠭᠤᠭᠠᠯᠢ ᠠᠷᠠᠳ ᠤᠨ ᠣᠷᠣᠯᠭ᠎ᠠ ᠶᠢ ᠠᠳᠬᠤᠬᠤ᠂ ᠲᠤᠲᠠᠭᠲᠠᠯ ᠪᠠᠭᠤᠷᠠᠢ ᠵᠦᠢᠯᠡᠰ ᠢ ᠲᠦᠷᠭᠡᠨ ᠨᠥᠬᠦᠪᠦᠷᠢᠯᠡᠵᠦ᠂ ᠠᠬᠢᠴᠠ ᠶᠢ ᠲᠦᠷᠭᠡᠳᠬᠡᠨ‌‍ᠲ᠋ᠣᠭᠲᠠᠭᠰᠠᠨ ᠬᠤᠭᠤᠴᠠᠭᠠᠨ ᠳᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠸᠠᠩ ᠶᠢᠨ ᠪᠦᠦ ᠴᠢᠬᠤᠯᠠᠴᠢᠯᠠᠬᠤ ᠳᠠᠭᠠᠨ᠂ ᠡᠯ᠎ᠡ ᠰᠠᠯᠠᠭ᠎ᠠ ᠮᠥᠴᠢᠷ ᠤᠨ ᠬᠢᠨ ᠡᠨᠡ ᠵᠢᠯ ᠪᠣᠯ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ‌‍ᠲ᠋ᠥ᠋ᠬᠦᠭᠡᠷᠦᠮᠵᠢ ᠶᠢ ᠳᠡᠭᠡᠭᠰᠢᠯᠡᠭᠦᠯᠬᠦ ᠵᠢᠯ ᠤᠨ ᠬᠦᠴᠦᠲᠡᠢ ᠴᠠᠭ ᠲᠣᠬᠢᠶᠠᠯ ᠮᠥᠨ᠂ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠰᠠᠶᠢᠲᠤᠷ ᠬᠢᠵᠦ᠂ ᠣᠲᠣ ᠶᠢᠨ ᠪᠠᠶᠢᠭ᠎ᠠ ᠲᠣᠭᠤᠷᠢᠭ ‍ᠤᠨ‌ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠤ ᠦᠢᠯᠡᠳᠪᠦᠷᠢ ᠶᠢᠨ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠪᠦᠲᠦᠭᠡᠨ‌‍ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠣᠲᠣ ᠶᠢᠨ ᠪᠠᠶᠢᠭ᠎ᠠ ᠰᠤᠯᠠ ᠪᠠᠶᠢᠬᠤ ᠭᠠᠵᠠᠷ ᠲᠠᠯᠠᠪᠤᠷ᠂ ᠭᠡᠷ ᠪᠠᠶᠢᠰᠢᠩ ᠭᠠᠵᠠᠷ ᠬᠥᠷᠥᠩᠭᠡ᠂ ᠦᠢᠯᠡᠳᠪᠦᠷᠢ‌ᠠᠭᠤᠷᠬᠠᠢ ᠶᠢᠨ ᠠᠵᠤ ᠠᠬᠤᠶᠢᠯᠠᠯ ᠢ ᠠᠰᠢᠭᠯᠠᠵᠤ᠂ ᠰᠤᠯᠠ ᠪᠠᠶᠢᠬᠤ ᠡᠳ᠋ ᠬᠥᠷᠥᠩᠭᠡ ᠶᠢᠨ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ ᠡᠯ᠎ᠡ ᠮᠥᠩᠭᠦᠨ‌‍ᠭᠦ᠋ᠢᠯᠭᠡᠭᠡᠨ ᠤ ᠪᠠᠶᠢᠭᠤᠯᠤᠮᠵᠢ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠠᠰᠢᠭᠯᠠᠨ ᠪᠡᠯᠡ ᠮᠥᠩᠭᠦ ᠣᠯᠬᠤ᠂ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠪᠥᠬᠦ ᠬᠤᠰᠢᠭᠤᠨ ᠤ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠤ ᠂ᠤᠷᠢᠳᠴᠢᠯᠠᠨ ᠲᠥᠯᠥᠪᠵᠢᠭᠦᠯᠵᠦ᠂ ᠲᠦᠷᠦᠯ ᠵᠦᠢᠯ ᠤᠨ ᠨᠥᠭᠡᠴᠡ ᠶᠢ ᠥᠷᠭᠡᠳᠬᠡᠵᠦ᠂ ᠲᠦᠷᠦ ᠶᠢᠨ ᠪᠣᠳᠣᠯᠭ᠎ᠠ᠂ ᠪᠡᠯᠡ ᠮᠥᠩᠭᠦ᠂ ᠲᠦᠷᠦᠯ ᠵᠦᠢᠯ᠂ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠢ ᠲᠡᠮᠡᠴᠡᠨ ᠣᠯᠬᠤ ᠵᠡᠷᠭᠡ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠣᠯᠬᠤ ᠬᠡᠷᠡᠭᠲᠡᠢ᠃ ᠪᠡᠯᠡ ᠮᠥᠩᠭᠦ᠂ ᠭᠠᠵᠠᠷ‌‍ᠰᠢᠷᠣᠢ᠂ ᠬᠢᠨᠠᠨ ᠵᠥᠪᠰᠢᠶᠡᠷᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠲᠦᠷᠭᠡᠨ‌ᠠᠵᠢᠯ ᠡᠬᠢᠯᠡᠭᠦᠯᠬᠦ᠂ ᠲᠦᠷᠭᠡᠨ ᠦᠢᠯᠡᠳᠪᠦᠷᠢᠯᠡᠯ ᠳᠤ ᠬᠦᠷᠭᠡᠬᠦ᠂ ᠲᠦᠷᠭᠡᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠲᠥᠷᠥᠯ ᠵᠦᠢᠯ ᠤᠨ ᠲᠤᠬᠠᠢ‌‍ᠶᠠᠷᠢᠯᠴᠠᠬᠤ ᠳᠤ ᠠᠯᠢ ᠲᠦᠷᠭᠡᠨ ᠢᠶᠠᠷ ᠭᠡᠷ᠎ᠡ ᠲᠣᠭᠲᠠᠬᠤ᠂ ᠭᠡᠷ᠎ᠡ ᠲᠣᠭᠲᠠᠬᠤ ᠲᠥᠷᠥᠯ ᠵᠦᠢᠯ ᠢ ᠠᠯᠢ ᠲᠦᠷᠭᠡᠨ ᠢᠶᠠᠷ ᠠᠵᠢᠯ ᠡᠬᠢᠯᠡᠭᠦᠯᠬᠦ᠂ ᠠᠵᠢᠯ ᠡᠬᠢᠯᠡᠭᠦᠯᠬᠦ‌‍ᠲ᠋ᠥ᠋ᠷᠥᠯ ᠵᠦᠢᠯ ᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ︽ᠪᠥᠬᠦ ᠬᠤᠰᠢᠭᠤ ᠪᠠᠷ ᠢᠶᠠᠨ ᠳᠠᠶᠢᠴᠢᠯᠠᠬᠤ᠂ ᠪᠥᠬᠦ ᠬᠤᠰᠢᠭᠤ ᠪᠠᠷ ᠵᠶ᠋ᠠᠨ‌ᠣᠷᠤᠯᠴᠠᠬᠤ᠂ ᠪᠥᠬᠦ ᠬᠤᠰᠢᠭᠤ ᠪᠠᠷ ᠢᠶᠠᠨ ᠪᠡᠯᠡ ᠣᠷᠣᠭᠤᠯᠬᠤ︾ ᠲᠥᠷᠥᠯ ᠵᠦᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠭᠤᠷ ᠠᠮᠢᠰᠬᠤᠯ ᠢ ᠪᠣᠶ ᠪᠣᠯᠭᠠᠵᠤ᠂ ︽ᠰᠢᠨ᠎ᠡ ᠬᠤᠶᠢᠲᠤ ᠬᠤᠰᠢᠭᠤ ᠶᠢ ᠳᠠᠬᠢᠨ ᠪᠠᠶᠢᠭᠤᠯᠵᠤ᠂ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠳᠤ ᠣᠷᠣᠬᠤ︾ ᠳᠤ ᠬᠦᠴᠦᠨ ᠴᠢᠳᠠᠯ ᠢᠶᠠᠨ ᠡᠷᠬᠦᠬᠦ‌‍ᠭᠡᠷᠡᠭᠲᠡᠢ᠃      ᠬᠤᠷᠠᠯ ᠠᠴᠠ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠪᠥᠬᠦ ᠬᠤᠰᠢᠭᠤᠨ ᠤ ᠳᠡᠭᠡᠳᠦ ᠱᠠᠲᠤᠨ ᠤ ᠪᠡᠯᠡ ᠮᠥᠩᠭᠦ ᠶᠢ ᠲᠡᠮᠡᠴᠡᠨ ᠣᠯᠣᠭᠰᠠᠨ ᠵᠡᠷᠭᠡ ᠪᠠᠶᠢᠳᠠᠯ ᠢ ᠮᠡᠳᠡᠭᠳᠡᠪᠡ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ