ᠤᠷᠠᠳ ᠤᠨ ᠬᠤᠶᠢᠲᠤ ᠬᠤᠰᠢᠭᠤ ᠪᠠᠶᠠᠨᠨᠠᠭᠤᠷ ᠬᠤᠲᠠ ᠶᠢᠨ ᠬᠠᠢ ᠲᠦᠩ ᠪᠦᠦ ᠢᠦᠢ ᠱᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠳᠡᠯᠴᠡᠭᠡᠷ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/5/26
      5 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠪᠠᠶᠠᠨᠨᠠᠭᠤᠷ ᠬᠤᠲᠠ ᠶᠢᠨ ᠬᠠᠢ ᠲᠦᠩ ᠪᠦᠦ ᠢᠦᠢ ᠱᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠧᠨ ᠬᠠᠢ ᠮᠢᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠰ ᠴᠢᠯᠠᠭᠤᠨ ᠤ ᠠᠵᠤ ᠦᠢᠯᠡᠰ ᠤᠨ ᠨᠡᠭᠡᠭᠡᠨ ᠬᠥᠭᠵᠢᠭᠦᠯᠵᠦ ᠡᠳ᠋ᠰᠢᠭᠦᠯᠬᠦ ᠲᠥᠷᠥᠯ ᠵᠦᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ ᠲᠤᠬᠠᠢ ᠵᠥᠪᠳᠡᠯᠴᠡᠪᠡ᠃      ᠸᠠᠩ ᠶᠢᠨ ᠪᠦᠦ ᠵᠢᠭᠠᠵᠤ ᠭᠠᠷᠭᠠᠭᠰᠠᠨ ᠨᠢ᠂ ᠤᠷᠠᠳ ᠤᠨ ᠬᠤᠶᠢᠲᠤ ᠬᠤᠰᠢᠭᠤᠨ ᠤ ᠬᠢᠯᠢ ᠳᠣᠲᠣᠷ᠎ᠠ ᠡᠯᠪᠡᠭ ᠪᠠᠶᠠᠯᠢᠭ ᠲᠡᠦᠬᠡ ᠰᠣᠶᠣᠯ ᠤᠨ ᠥᠪ ᠪᠠᠶᠢᠬᠤ ᠪᠠᠷ ᠪᠠᠷᠠᠬᠤ ᠦᠭᠡᠢ ᠪᠠᠰᠠ ᠡᠯᠪᠡᠭ ᠪᠠᠶᠠᠯᠢᠭ ᠬᠦᠳᠡᠷ᠂ ᠬᠠᠰ ᠴᠢᠯᠠᠭᠤ ᠶᠢᠨ ᠡᠬᠢ ᠪᠠᠶᠠᠯᠢᠭ ᠲᠠᠢ ᠪᠠᠶᠢᠳᠠᠭ᠂ ᠣᠲᠣ ᠶᠢᠨ ᠪᠠᠶᠢᠭ᠎ᠠ ᠬᠦᠳᠡᠷ ᠢ ᠨᠠᠷᠢᠯᠢᠭ ᠪᠣᠯᠪᠠᠰᠤᠷᠠᠭᠤᠯᠬᠤ ᠨᠢ ᠤᠷᠠᠳ ᠤᠨ ᠬᠤᠶᠢᠲᠤ ᠬᠤᠰᠢᠭᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ᠂ ᠡᠷᠴᠢᠮᠵᠢᠭᠦᠯᠦᠨ ᠠᠰᠢᠭᠯᠠᠬᠤ ᠠᠯᠬᠤᠴᠠ ᠶᠢ ᠶᠡᠭᠡ ᠪᠠᠷ ᠲᠦᠷᠭᠡᠳᠬᠡᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠰᠢᠭᠤᠨ ‍ᠤ‌ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠳᠤ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠰᠠᠶᠢᠨ‌‍ᠰᠠᠶᠢᠬᠠᠨ ᠣᠷᠴᠢᠨ ᠲᠣᠭᠤᠷᠢᠨ ᠢ ᠡᠭᠦᠳᠦᠨ ᠥᠭᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠤᠳ ᠤᠷᠠᠳ ᠤᠨ ᠬᠤᠶᠢᠲᠤ ᠬᠤᠰᠢᠭᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠣᠨᠴᠠᠯᠢᠭ ᠲᠤ ᠬᠠᠨᠳᠤᠭᠤᠯᠤᠨ ᠠᠯᠤᠰ ᠬᠡᠲᠤ ᠶᠢᠨ ᠲᠥᠯᠦᠪᠵᠢᠭᠦᠯᠭᠡ ᠪᠠ ᠰᠢᠨᠵᠢᠯᠡᠬᠦ ᠤᠬᠠᠭᠠᠨᠴᠢ ᠵᠢᠷᠤᠭ ᠲᠥᠯᠥᠪᠯᠡᠭᠡ ᠬᠢᠵᠦ᠂ ᠮᠠᠯᠲᠠᠬᠤ᠂ ᠰᠣᠩᠭᠤᠬᠤ᠂ ᠨᠠᠷᠢᠯᠢᠭ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠤᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠨ ᠠᠵᠢᠯᠯᠠᠵᠤ ᠬᠠᠮᠲᠤ ᠪᠠᠷ‌ᠠᠰᠢᠭ ᠭᠥᠷᠳᠡᠬᠦ ᠶᠢ ᠬᠦᠰᠡᠵᠦ ᠪᠠᠶᠢᠨ᠎ᠠ ᠭᠡᠵᠡᠢ᠃      ᠸᠧᠨ ᠬᠠᠢ ᠮᠢᠩ ᠢᠯᠡᠷᠬᠡᠶᠢᠯᠡᠬᠦ ᠳᠡᠭᠡᠨ᠂ ᠤᠷᠠᠳ ᠤᠨ ᠬᠤᠶᠢᠲᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠠᠵᠤ‌ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠬᠡᠷᠡᠭᠴᠡᠭᠡ ᠲᠠᠢ ᠭᠦᠨᠵᠡᠭᠡᠢ ᠵᠣᠬᠢᠴᠠᠭᠤᠯᠵᠤ᠂ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠪᠠ ᠠᠵᠤ ᠦᠢᠯᠡᠰ ᠤᠨ ᠡᠳ᠋ᠰᠢᠭᠦᠯᠦᠯᠲᠡ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠷᠠᠳ ᠤᠨ ᠬᠤᠶᠢᠲᠤ ᠬᠤᠰᠢᠭᠤᠨ ᠤ ᠰᠤᠪᠤᠳ ᠡᠷᠳᠡᠨᠢ ᠬᠠᠰ ᠴᠢᠯᠠᠭᠤᠨ ᠤ ᠠᠵᠤ‌ᠦᠢᠯᠡᠰ ᠤᠨ ᠦᠷᠭᠦᠯᠵᠢᠯᠡᠬᠦ ᠬᠥᠭᠵᠢᠯᠲᠡ ᠳᠤ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠬᠡᠪᠠ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ