ᠤᠷᠠᠳ ᠤᠨ ᠬᠤᠶᠢᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ ᠪᠦᠯᠬᠦᠮ ᠳᠠᠭᠠᠭᠤᠯᠤᠨ ᠦᠷᠦᠮᠴᠢ ᠶᠢᠨ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/26
      5 ᠰᠠᠷ᠎ᠠ ᠶᠢᠨ 22 ᠤᠨ ᠡᠳᠦᠷ᠂ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠲᠡᠷᠢᠬᠦᠯᠡᠭᠴᠢ ᠶᠠᠨ ᠰᠢᠶᠣᠣ ᠶᠦᠨ ᠪᠦᠯᠬᠦᠮ ᠳᠠᠭᠠᠭᠤᠯᠤᠨ‌ᠦᠷᠦᠮᠴᠢ ᠶᠢᠨ ᠣᠯᠠᠨ ᠤᠯᠤᠰ ᠤᠨ ᠬᠠᠭᠤᠷᠠᠢ ᠶᠢᠨ ᠭᠠᠷᠠᠮ ᠤᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠦᠬᠡᠳ ᠦᠷᠦᠮᠴᠢ ᠶᠢᠨ ᠪᠣᠭᠤᠮᠲᠠ ᠶᠢᠨ ᠬᠢᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠶᠠᠨ ᠰᠢᠶᠣᠣ ᠶᠦᠨ ᠨᠠᠷ ᠤᠷᠢᠳ ᠬᠤᠵᠢᠳ ᠦᠷᠦᠮᠴᠢ ᠶᠢᠨ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠬᠡᠷᠡᠭ ᠡᠷᠬᠢᠯᠡᠬᠦ ᠲᠢᠩᠬᠢᠮ᠂ᠬᠦᠷᠢᠶᠡᠯᠡᠩ ᠲᠣᠭᠤᠷᠢᠭ ᠤᠨ ᠰᠢᠯᠭᠠᠨ ᠪᠠᠶᠢᠴᠠᠭᠠᠬᠤ ᠬᠥᠮᠥᠷᠭᠡ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠶᠢᠯᠤᠮᠵᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠷᠦᠮᠴᠢ ᠶᠢᠨ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠠᠵᠢᠯᠯᠠᠭᠠᠨ ᠤ ᠵᠠᠭᠪᠤᠷ᠂ ᠡᠯᠧᠮᠧᠨ᠋ᠲ ᠤᠨ ᠪᠠᠲᠤᠯᠠᠭ᠎ᠠ ᠵᠢᠴᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠬᠡ ᠬᠠᠭᠤᠷᠠᠢ ᠶᠢᠨ ᠭᠠᠷᠠᠮ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠠᠮ ᠱᠤᠭᠤᠮ ᠪᠠ ᠡᠵᠡᠩᠨᠡᠯᠲᠡ ᠬᠠᠮᠢᠶᠠᠷᠤᠯᠲᠠ ᠶᠢᠨ ᠲᠤᠷᠰᠢᠯᠭ᠎ᠠ᠂ ᠠᠰᠠᠭᠤᠳᠠᠯ ᠤᠨ ᠬᠦᠴᠢᠷᠳᠡᠯ᠂ ᠲᠥᠯᠦᠪᠵᠢᠭᠦᠯᠭᠡ ᠶᠢᠨ ᠰᠠᠨᠠᠭᠤᠯᠭ᠎ᠠ ᠵᠡᠷᠭᠡ ᠶᠢᠨ ᠲᠤᠬᠠᠢ ᠰᠤᠷᠤᠯᠴᠠᠨ ᠰᠣᠯᠢᠯᠴᠠᠪᠠ᠃      ᠬᠤᠷᠠᠯ ᠳᠡᠭᠡᠷ᠎ᠡ᠂ ᠶᠠᠨ ᠰᠢᠶᠣᠣ ᠶᠦᠨ ᠤᠷᠠᠳ ᠤᠨ ᠬᠤᠶᠢᠲᠤ ᠬᠤᠰᠢᠭᠤᠨ ᠤ ᠣᠷᠣᠨ ᠪᠠᠶᠢᠷᠢ ᠶᠢᠨ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠵᠢᠴᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠤᠷᠠᠳ ᠤᠨ ᠬᠤᠶᠢᠲᠤ ᠬᠤᠰᠢᠭᠤᠨ ᠤ ᠡᠵᠡᠩᠨᠡᠯᠲᠡ ᠶᠢᠨ ᠪᠠᠶᠢᠳᠠᠯ ᠪᠣᠯᠣᠨ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠪᠦᠬᠦ ᠲᠠᠯ᠎ᠠ ᠪᠠᠷ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭ᠎ᠠ᠂ ᠭᠠᠳᠠᠭᠠᠳᠤ ᠠᠴᠠ ᠣᠷᠣᠭᠤᠯᠬᠤ ᠠᠮᠤ ᠪᠤᠳᠠᠭᠠᠨ ᠤ ᠪᠣᠯᠪᠠᠰᠤᠷᠠᠭᠤᠯᠤᠯᠲᠠ᠂ ᠴᠢᠳᠠᠮᠵᠢᠲᠤ ᠣᠷᠣᠨ ᠢ ᠪᠠᠶᠢᠭᠤᠯᠬᠤ ᠵᠡᠷᠭᠡ ᠶᠠᠪᠤᠳᠠᠯ ᠤᠨ ᠲᠣᠭᠤᠷᠢᠨ ᠳᠤ ᠥᠷᠭᠡᠨ ᠢᠶᠠᠷ ᠭᠦᠨᠵᠡᠭᠡᠢ ᠰᠣᠯᠢᠯᠴᠠᠵᠠᠢ᠃      ᠶᠠᠨ ᠰᠢᠶᠣᠣ ᠶᠦᠨ ᠢᠯᠡᠷᠬᠡᠶᠢᠯᠡᠬᠦ ᠳᠡᠭᠡᠨ᠂ ᠦᠷᠦᠮᠴᠢ ᠶᠢᠨ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠣᠷᠣᠨ ᠪᠣᠯ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢᠨ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠤᠨ ᠨᠢᠭᠡ ᠮᠥᠨ᠂ ᠡᠬᠡ ᠬᠠᠭᠤᠷᠠᠢ ᠶᠢᠨ ᠭᠠᠷᠠᠮ ᠵᠢᠴᠢ ᠭᠠᠶᠢᠯᠢ ᠪᠠᠲᠤᠯᠠᠬᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠤ᠂ ᠤᠷᠠᠳ ᠤᠨ ᠬᠤᠶᠢᠲᠤ ᠬᠤᠰᠢᠭᠤᠨ ᠤ ᠰᠤᠷᠤᠯᠴᠠᠯᠭ᠎ᠠ ᠶᠢᠨ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ ᠦᠷᠦᠮᠴᠢ ᠶᠢᠨ ᠬᠢᠯᠢ ᠶᠢᠨ ᠪᠣᠭᠤᠮᠲᠠ ᠶᠢᠨ ᠬᠢᠨ ᠤᠷᠠᠳ ᠤᠨ ᠬᠤᠶᠢᠲᠤ ᠬᠤᠰᠢᠭᠤᠨ ᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠠᠷᠬᠠᠭᠠᠯᠲᠠ ᠶᠢ ᠦᠷᠭᠦᠯᠵᠢᠯᠡᠨ ᠬᠠᠯᠠᠮᠵᠢᠯᠠᠵᠤ᠂ ᠬᠤᠶᠠᠷ ᠲᠠᠯ᠎ᠠ ᠶᠢᠨ ᠨᠥᠬᠦᠷᠰᠡᠭ ᠶᠠᠪᠤᠯᠴᠠᠭ᠎ᠠ ᠶᠢ ᠨᠡᠮᠡᠭᠳᠡᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠢᠯ ᠤᠨ ᠳᠤᠮᠳᠠᠬᠢ ᠰᠢᠨ᠎ᠡ ᠶᠢ ᠡᠭᠦᠳᠦᠭᠰᠡᠨ ᠠᠷᠭ᠎ᠠ ᠪᠠᠷᠢᠯ᠂ ᠪᠣᠳᠠᠲᠤ ᠬᠡᠷᠡᠭᠯᠡᠭᠡᠨ ᠤ ᠲᠤᠷᠰᠢᠯᠭ᠎ᠠ ᠪᠠᠨ ᠤᠷᠠᠳ ᠤᠨ ᠬᠤᠶᠢᠲᠤ ᠬᠤᠰᠢᠭᠤᠨ ᠳᠤ ᠤᠯᠠᠮᠵᠢᠯᠠᠨ ᠥᠭᠴᠦ᠂ ᠤᠷᠠᠳ ᠤᠨ ᠬᠤᠶᠢᠲᠤ ᠬᠤᠰᠢᠭᠤᠨ ᠤ ︽ᠨᠢᠭᠡ ᠭᠠᠷᠠᠮ ᠢᠶᠠᠷ ᠡᠸᠦ᠋ᠷᠦᠫᠡ ᠠᠽᠢᠶ᠎ᠠ ᠶᠢ ᠬᠤᠯᠪᠣᠵᠤ᠂ ᠨᠢᠭᠡ ᠭᠠᠷᠠᠮ ᠢᠶᠠᠷ ᠶᠢᠰᠦᠨ ᠵᠧᠦ ᠳᠤ ᠨᠡᠪᠲᠡᠷᠡᠬᠦ︾ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠪᠥᠬᠦ ᠲᠠᠯ᠎ᠠ ᠪᠠᠷ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠠᠶᠢᠭᠤᠯᠬᠤ ᠶᠢ ᠬᠦᠰᠡᠵᠦ ᠪᠠᠶᠢᠨ᠎ᠠ ᠬᠡᠪᠠ᠃      ᠦᠷᠦᠮᠴᠢ ᠶᠢᠨ ᠪᠣᠭᠤᠮᠲᠠ ᠶᠢᠨ ᠬᠠᠷᠢᠭᠤᠴᠠᠯᠭᠠᠲᠠᠨ ᠠᠴᠠ ᠤᠷᠠᠳ ᠤᠨ ᠬᠤᠶᠢᠲᠤ ᠬᠤᠰᠢᠭᠤ ᠲᠠᠢ ᠬᠠᠮᠲᠤᠷᠠᠨ ᠠᠵᠢᠯᠯᠠᠬᠤ ᠪᠠ ᠰᠣᠯᠢᠯᠴᠠᠭ᠎ᠠ ᠬᠢᠬᠦ ᠬᠠᠷᠢᠴᠠᠭ᠎ᠠ ᠪᠠᠶᠢᠭᠤᠯᠵᠤ᠂ ᠬᠥᠭᠵᠢᠯᠲᠡ ᠶᠢᠨ ᠲᠤᠷᠰᠢᠯᠭ᠎ᠠ ᠪᠠᠨ ᠬᠠᠷᠢᠯᠴᠠᠨ ᠰᠤᠷᠤᠯᠴᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠪᠡᠶᠡᠯᠡᠭᠦᠯᠦᠨ᠎ᠡ ᠭᠡᠵᠦ ᠢᠯᠡᠷᠬᠡᠶᠢᠯᠡᠵᠡᠢ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ