ᠤᠷᠠᠳ ᠤᠨ ᠡᠮᠦᠨᠡᠲᠦ ᠬᠤᠰᠢᠭᠤᠨ ᠤ ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ ᠶᠢᠨ ᠪᠡᠯᠡᠳᠬᠡᠯ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/5/26
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠳᠠᠬᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠪᠠ᠃       ᠤᠷᠠᠳ ᠤᠨ ᠡᠮᠦᠨᠡᠲᠦ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠰᠠᠯᠠᠭ᠎ᠠ ᠮᠥᠴᠢᠷ ᠤᠨ ᠬᠢᠨ ᠢ ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠷᠲᠡᠬᠡᠨ ᠪᠡᠯᠡᠳᠬᠡᠵᠦ ᠡᠷᠲᠡᠬᠡᠨ ᠪᠠᠶᠢᠷᠢᠯᠠᠭᠤᠯᠵᠤ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ᠂ ᠢᠲᠡᠭᠡᠮᠵᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ︽ᠢᠲᠡᠭᠡᠮᠵᠢ ᠦᠨ᠎ᠡ ᠴᠠᠨ᠎ᠠ ᠲᠠᠢ︾᠂ ᠢᠲᠡᠭᠡᠮᠵᠢ ᠶᠢᠨ ᠲᠦᠷᠢᠮ ᠤᠨ ᠪᠢᠴᠢᠭ ᠮᠠᠲ᠋ᠧᠷᠢᠶᠠᠯ ᠤᠨ ᠲᠣᠭᠤᠷᠢᠨ ᠳᠤ ᠦᠨᠡᠨᠴᠢ ᠢᠲᠡᠭᠡᠮᠵᠢᠲᠡᠶ ᠰᠣᠶᠣᠯ ᠢ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠡᠮᠨᠡᠯᠭᠡ ᠶᠢᠨ ᠬᠤᠷᠢᠶᠠᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠤᠳᠠᠯᠳᠤᠭᠠᠨ ᠤ ᠲᠣᠭᠤᠷᠢᠭ ᠲᠤ ᠣᠷᠣᠭᠤᠯᠬᠤ᠂ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ᠂ ᠦᠵᠡᠮᠵᠢ ᠶᠢᠨ ᠣᠷᠣᠨ ᠳᠤ ᠣᠷᠣᠭᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠨᠠᠩ ᠣᠯᠠᠨ ᠠᠭᠤᠯᠭ᠎ᠠ ᠪᠠᠷ ᠪᠠᠶᠠᠯᠢᠭ᠂ ᠨᠥᠯᠥᠭᠡᠯᠡᠬᠦ ᠬᠦᠴᠦᠨ ᠢᠶᠠᠷ ᠴᠢᠩᠭ᠎ᠠ ᠢᠲᠡᠭᠡᠮᠵᠢ ᠶᠢᠨ ᠤᠬᠠᠭᠤᠯᠭ᠎ᠠ ᠶᠢᠨ ᠥᠪᠡᠷᠮᠢᠴᠡ ᠣᠨᠴᠠᠯᠢᠭ ᠲᠠᠢ ᠠᠵᠢᠯᠯᠠᠭ᠎ᠠ ᠥᠷᠨᠢᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ