ᠤᠷᠠᠳ ᠤᠨ ᠡᠮᠦᠨᠡᠲᠦ ᠬᠤᠰᠢᠭᠤ 2023 ᠣᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/5/26
      5 ᠰᠠᠷ᠎ᠠ ᠶᠢᠨ 23 ᠤ ᠡᠳᠦᠷ᠂ ᠤᠷᠠᠳ ᠤᠨ ᠡᠮᠦᠨᠡᠲᠦ ᠬᠤᠰᠢᠭᠤ 2023 ᠣᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠣᠶᠣᠯᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠬᠤᠷᠠᠯ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠡᠭᠦᠳᠦᠨ ᠪᠠᠶᠢᠭᠤᠯᠬᠤ‌ᠠᠵᠢᠯ ᠢ ᠰᠢᠯᠭᠠᠨ ᠦᠨᠡᠯᠡᠬᠦ ᠪᠠᠶᠢᠴᠠᠭᠠᠨ ᠰᠤᠳᠤᠯᠤᠯᠲᠠ ᠬᠢᠬᠦ ᠲᠤᠬᠠᠶ ᠮᠡᠳᠡᠭᠳᠡᠯ︾᠂ ᠪᠠᠶᠠᠨᠨᠠᠭᠤᠷ ᠬᠤᠲᠠ ᠶᠢᠨ ︽ᠰᠢᠨ᠎ᠡ ᠨᠢᠭᠡ ᠬᠤᠭᠤᠴᠠᠭᠠᠨ ᠤ ᠪᠥᠬᠦ ᠤᠯᠤᠰ᠂ᠪᠥᠬᠦ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ︵ᠬᠤᠰᠢᠭᠤ ᠰᠢᠶᠠᠨ᠂ ᠬᠤᠲᠠ ᠲᠣᠭᠤᠷᠢᠭ︶ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠤᠯᠠᠮᠵᠢᠯᠠᠵᠤ᠂ ᠪᠥᠬᠦ ᠬᠤᠰᠢᠭᠤᠨ ᠤ 2023 ᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠢ‌‍ᠲ᠋ᠣᠬᠢᠷᠠᠭᠤᠯᠤᠨ ᠪᠠᠶᠢᠷᠢᠯᠠᠭᠤᠯᠪᠠ᠃      ᠰᠣᠶᠣᠯᠲᠤ ᠵᠢᠭᠠᠬᠤ ᠳᠠᠭᠠᠨ᠂ ᠤᠷᠠᠳ ᠤᠨ ᠡᠮᠦᠨᠡᠲᠦ ᠬᠤᠰᠢᠭᠤ ᠶᠡᠷᠦ ᠠᠴᠠ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠵᠶ᠋ᠠᠨ‌‍ᠬᠦ᠋ᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠲᠠᠢ ᠶᠤᠮ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠠᠵᠢᠯᠯᠠᠭ᠎ᠠ ᠲᠣᠪᠤᠶᠢᠮ᠎ᠠ ᠦᠷ᠎ᠡ‌‍ᠪᠦ᠋ᠲᠦᠮᠵᠢ ᠣᠯᠵᠤ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠪᠠᠲᠤ ᠪᠠᠬᠢ ᠪᠤᠯᠪᠠ᠂ ᠡᠨᠡ ᠪᠣᠯ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤᠨ ‍ᠤ‌ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠮᠥᠨ᠂ ᠮᠥᠨ ᠴᠦ ᠬᠤᠰᠢᠭᠤᠨ ᠳᠤ ᠰᠠᠭᠤᠭ᠎ᠠ ᠡᠯ᠎ᠡ ᠴᠡᠷᠢᠭ ᠠᠩᠭᠢ ᠶᠢᠨ ᠬᠦᠴᠦᠲᠡᠶ ᠳᠡᠮᠵᠢᠯᠭᠡ ᠪᠠ ᠨᠢᠭᠲᠠ‌ᠬᠠᠮᠵᠢᠯᠴᠠᠭᠰᠠᠨ ᠤ ᠦᠷ᠎ᠡ ᠳ᠋ᠦᠩ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ‌‍ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ‌‍ᠲ᠋ᠥ᠋ᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠵᠢᠨ‌‍ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢ ᠡᠭᠦᠳᠦᠨ ᠪᠠᠶᠢᠭᠤᠯᠬᠤ ᠰᠢᠯᠭᠠᠨ‌ᠦᠨᠡᠯᠡᠯᠲᠡ ᠵᠡᠷᠭᠡ ᠴᠢᠬᠤᠯᠠ ᠶᠡᠭᠡ ᠠᠵᠠ ᠲᠣᠬᠢᠶᠠᠯ ᠢ ᠠᠳᠬᠤᠵᠤ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠ ᠠᠵᠢᠯ ᠳᠠᠭᠠᠨ ᠴᠠᠭᠠᠷᠠᠭᠰᠠᠨ ᠰᠤᠷᠲᠠᠯ ᠢᠶᠠᠷ ᠨᠠᠩ‌ᠥᠷᠭᠡᠨ ᠬᠡᠪᠴᠢᠶ᠎ᠡ᠂ ᠨᠠᠩ ᠥᠨᠳᠥᠷ ᠳᠠᠪᠬᠤᠷᠭ᠎ᠠ᠂ ᠨᠠᠩ ᠭᠦᠨ ᠬᠡᠮᠵᠢᠶ᠎ᠡ ᠪᠠᠷ ᠮᠠᠨ ᠤ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠳᠡᠭᠲᠡᠷ ᠲᠤ᠋‌ᠭᠠᠷᠬᠤ ᠶᠢ ᠠᠬᠢᠭᠤᠯᠬᠤ ᠪᠠᠷ ᠴᠢᠷᠮᠠᠶᠢᠬᠤ ᠬᠡᠷᠡᠭᠲᠡᠢ᠃ ᠭᠤᠣᠯᠳᠠᠯᠭ᠎ᠠ ᠶᠢ ᠴᠢᠩᠭ᠎ᠠ ᠠᠳᠬᠤᠵᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭᠠᠨ ‍ᠤ‌ᠬᠠᠮᠲᠤᠷᠠᠯ ᠬᠦᠴᠦᠨ ᠢ ᠨᠢᠭᠲᠠᠷᠠᠭᠤᠯᠬᠤ᠂ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠪᠦᠬᠦ ᠠᠷᠠᠳ ᠤᠨ ᠤᠯᠤᠰ ‍ᠤᠨ‌‍ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠵᠡᠷᠭᠡ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ‌ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦᠬᠦ ᠲᠠᠯ᠎ᠠ ᠶᠢᠨ ᠦᠨᠳᠦᠷᠴᠡ ᠠᠴᠠ᠂ ᠥᠪᠡᠷᠲᠡᠭᠡᠨ‌ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢ ᠡᠭᠦᠳᠦᠨ ᠪᠠᠶᠢᠭᠤᠯᠬᠤ ᠠᠵᠢᠯ ᠢ ᠣᠳᠣᠬᠠᠨ ᠤ ᠴᠢᠬᠤᠯᠠ ᠠᠵᠢᠯ ᠪᠣᠯᠭᠠᠵᠤ᠂ ᠵᠣᠬᠢᠶᠠᠨ‌‍ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠬᠤᠶᠠᠷ ᠢ‌‍ᠬᠦ᠋ᠷᠢᠶᠡᠯᠡᠬᠦ ᠠᠵᠢᠯ ᠢ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠢᠨ᠎ᠡ ᠪᠠᠶᠢᠳᠠᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠡᠳᠬᠢᠯ ᠵᠶ᠋ᠠᠨ‌ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠯᠬᠡᠭᠯᠡᠨ ᠤᠷᠤᠭᠰᠢᠯᠠᠵᠤ᠂ ᠪᠥᠬᠦ‌ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ︽ᠦᠢᠯᠡᠰ ᠢᠶᠠᠷ ᠤᠯᠤᠰ ᠵᠶ᠋ᠠᠨ‌ᠮᠠᠨᠳᠤᠭᠤᠯᠬᠤ᠂ ᠦᠵᠡᠮᠵᠢ ᠰᠠᠶᠢᠬᠠᠨ ᠬᠥᠮᠦᠨ ᠠᠷᠠᠳ ᠡᠶ᠎ᠡ ᠨᠠᠶᠢᠷᠠᠮᠳᠠᠭᠤ᠂ ᠠᠭᠤᠰᠤᠯᠴᠠᠨ ᠨᠡᠭᠡᠭᠡᠯᠲᠡ ᠬᠢᠬᠦ︾ ᠣᠳᠣᠬᠢᠴᠢᠯᠠᠭᠰᠠᠨ ᠤᠷᠠᠳ ᠤᠨ ᠡᠮᠦᠨᠡᠲᠦ‌ᠬᠤᠰᠢᠭᠤ ᠶᠢ ᠴᠢᠷᠮᠠᠶᠢᠨ ᠪᠠᠶᠢᠭᠤᠯᠬᠤ ᠬᠡᠷᠡᠭᠲᠡᠶ ᠬᠡᠵᠡᠢ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ