ᠯᠢ ᡁᠢ ᠰᠢᠶᠦ᠋ᠩ ᠵᠦᠩ ᠭᠤᠸᠠᠩ ᠾᠧ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠢᠢ ᠸᠧᠨ ᠪᠥᠸᠧ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/5/26
      5 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᡁᠢ ᠰᠢᠶᠦ᠋ᠩ ᠵᠥᠩ ᠭᠤᠸᠠᠩ ᠾᠧ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠢᠶ ᠸᠧᠨ ᠪᠥᠸᠧ ᠨᠡᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠵᠢᠴᠢ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠳᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠤᠳᠤᠯᠤᠨ ᠶᠠᠷᠢᠯᠴᠠᠪᠠ᠃       ᠵᠢᠢ ᠸᠧᠨ ᠪᠥᠸᠧ ᠵᠦᠩ ᠭᠤᠸᠠᠩ ᠾᠧ ᠪᠦᠯᠦᠭᠯᠡᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠤᠨ ᠬᠥᠭᠵᠢᠯᠲᠡ ᠶᠢᠨ ᠴᠢᠭᠯᠡᠯ ᠵᠡᠷᠭᠡ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠳ᠋ᠧᠩᠺᠸᠤ ᠰᠢᠶᠠᠨ ᠤ ᠪᠡᠯᠡ ᠣᠷᠣᠭᠤᠯᠵᠤ ᠪᠦᠳᠦᠬᠡᠨ ᠪᠠᠶᠢᠭᠤᠯᠬᠤ ᠨᠥᠬᠦᠴᠡᠯ ᠲᠠᠢ ᠤᠶᠠᠯᠳᠤᠭᠤᠯᠤᠨ ᠪᠦᠳᠦᠬᠡᠨ ᠪᠠᠶᠢᠭᠤᠯᠬᠤ ᠲᠦᠷᠦᠯ ᠵᠦᠢᠯ ᠤᠨ ᠦᠨᠳᠦᠰᠦᠨ ᠪᠠᠶᠢᠳᠠᠯ᠂ ᠲᠦᠷᠦᠯ ᠵᠦᠢᠯ ᠢ ᠠᠬᠢᠭᠤᠯᠬᠤ ᠲᠥᠯᠥᠪᠯᠡᠭᠡ ᠵᠡᠷᠭᠡ ᠳᠤ ᠵᠠᠳᠠᠯᠤᠯᠲᠠ ᠬᠢᠵᠦ ᠲᠣᠳᠣᠷᠬᠠᠶᠢᠯᠠᠵᠠᠢ᠃      ᠯᠢ ᡁᠢ ᠰᠢᠶᠦ᠋ᠩ ᠵᠢᠢ ᠸᠧᠨ ᠪᠥᠸᠧ ᠨᠡᠷ ᠤᠨ ᠮᠠᠨ ᠤ ᠰᠢᠶᠠᠨ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ‌ᠢᠯᠡᠳᠬᠡᠬᠦ ᠶᠢᠨ ᠬᠠᠮᠲᠤ ᠳ᠋ᠧᠩᠺᠸᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠵᠢᠴᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠷᠬᠡᠶᠢᠯᠡᠭᠰᠡᠨ ᠨᠢ ᠳ᠋ᠧᠩᠺᠸᠤ ᠰᠢᠶᠠᠨ ᠦᠵᠡᠮᠵᠢ ᠶᠢᠨ ᠡᠬᠢ ᠪᠠᠶᠠᠯᠢᠭ ᠡᠯᠪᠡᠭ᠂ ᠰᠠᠭᠤᠷᠢ ᠲᠥᠬᠦᠭᠡᠷᠦᠮᠵᠢ ᠲᠡᠭᠦᠯᠳᠡᠷ᠂ ᠴᠠᠬᠢᠯᠭᠠᠨ‌‍ᠬᠦ᠋ᠴᠦᠨ ᠢ ᠭᠠᠳᠠᠭᠰᠢ ᠬᠦᠷᠭᠡᠬᠦ ᠵᠠᠮ ᠰᠠᠭᠠᠳ ᠦᠭᠡᠢ ᠨᠡᠪᠲᠡᠷᠡᠵᠦ ᠪᠤᠢ᠃ ᠤᠢᠢᠷ᠎ᠠ ᠶᠢᠨ ᠵᠢᠯ ᠠᠴᠠ᠂ ᠳ᠋ᠧᠩᠺᠸᠤ ᠰᠢᠶᠠᠨ ᠰᠢᠨ᠎ᠡ ᠡᠨᠧᠷᠭᠢ ᠶᠢ ᠪᠦᠬᠦ ᠰᠢᠶᠠᠨ ᠤ ᠠᠵᠤ‌ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠰᠢᠪᠲᠤᠯᠤᠯᠲᠠ ᠶᠢᠨ ᠴᠡᠭ ᠪᠣᠯᠭᠠᠵᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠭᠡᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢᠭᠡᠨᠲᠡ 77 ᠲᠦᠮᠡᠨ ᠺᠢᠯᠣᠸᠠᠲ ᠲᠤ ᠬᠦᠷᠴᠦ᠂ 2023 ᠣᠨ ᠳᠤ ᠰᠢᠨ᠎ᠡ ᠪᠠᠷ ᠨᠡᠮᠡᠭᠳᠡᠬᠦ ᠮᠠᠰᠢᠨ ᠴᠣᠭᠴᠠᠯᠠᠪᠤᠷᠢ ᠶᠢᠨ ᠬᠡᠪᠴᠢᠶ᠎ᠡ 99 ᠲᠦᠮᠡᠨ ᠺᠢᠯᠣᠸᠠᠲ ᠲᠤ ᠬᠦᠷᠬᠦ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠬᠢᠨ ᠰᠢᠨ᠎ᠡ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ᠂ ︽ᠡᠬᠢ ᠰᠤᠷᠪᠤᠯᠵᠢ ᠶᠢ ᠲᠣᠣᠷᠵᠢᠭᠤᠯᠤᠨ ᠨᠥᠭᠡᠴᠡᠯᠡᠬᠦ︾᠂ ᠦᠩᠭᠡ ᠦᠵᠡᠮᠵᠢ ᠤᠰᠤᠲᠥ᠋ᠷᠥᠭᠴᠢ ᠶᠢ ᠨᠥᠭᠡᠴᠡᠯᠡᠬᠦ ᠶᠢ ᠨᠢᠭᠡ ᠴᠤᠭᠴᠠᠵᠢᠭᠤᠯᠬᠤ᠂ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠪᠠ ᠡᠨᠧᠷᠭᠢ ᠶᠡᠭᠡ ᠠᠴᠢᠶᠠᠯᠠᠬᠤ ᠵᠡᠷᠭᠡ ᠠᠵᠤ ᠦᠢᠯᠡᠰ ᠢ ᠢᠳᠡᠪᠬᠢᠲᠡᠢ ᠠᠬᠢᠭᠤᠯᠵᠤ᠂ ᠰᠢᠨ᠎ᠡ ᠡᠨᠧᠷᠭᠢ ᠶᠢᠨ ᠠᠵᠤ‌ᠦᠢᠯᠡᠰ ᠤᠨ ᠬᠡᠯᠬᠢᠶ᠎ᠡ ᠶᠢ ᠳᠠᠰᠤᠷᠠᠯᠳᠠ ᠦᠭᠡᠢ ᠤᠷᠲᠤᠳᠬᠠᠨ᠎ᠠ᠃ ᠵᠦᠩ ᠭᠤᠸᠠᠩ ᠾᠧ ᠪᠦᠯᠦᠭᠯᠡᠯ ᠳ᠋ᠧᠩᠺᠸᠦ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠠᠷᠭ᠎ᠠ ᠵᠠᠮ ᠢᠶᠠᠨ ᠥᠷᠭᠡᠳᠬᠡᠵᠦ᠂ ᠤᠯᠠᠨ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠢᠴᠢ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃ 
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ