ᠳ᠋ᠧᠩᠺᠸᠤ ᠰᠢᠶᠠᠨ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/5/26
      ᠣᠶᠢᠷ᠎ᠠ ᠶᠢᠨ ᠵᠢᠯ ᠠᠴᠠ᠂ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠣᠨᠴᠠᠭᠠᠶᠢᠯᠠᠨ 2022 ᠣᠨ ᠠᠴᠠ ᠨᠠᠰᠢ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ  ᠠᠴᠠ ᠲᠠᠭᠠᠭᠤᠯᠤᠨ ᠬᠤᠷᠰᠢᠶᠠᠵᠢᠯ ᠡᠷᠬᠢᠯᠡᠬᠦ  ᠶᠢ ᠬᠤᠳᠠ ᠶᠢᠨ ᠨᠠᠮ ᠤᠨ ᠬᠤᠷᠢᠶ᠎ᠠ ᠶᠢᠨ ︽ᠱᠦᠵᠢ ᠶᠢᠨ ᠲᠦᠷᠦᠯ ᠵᠦᠢᠯ︾ ᠪᠣᠯᠭᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ  ᠶᠢ ᠰᠢᠢᠳᠪᠦᠷᠢᠯᠡᠬᠦ ᠴᠢᠬᠤᠯᠠ ᠭᠠᠷᠳᠠᠴᠠ ᠪᠣᠯᠭᠠᠵᠤ᠂ ᠪᠠᠶᠠᠨᠨᠠᠭᠤᠷ ᠤᠨ ᠣᠨᠴᠠᠯᠢᠭ ᠲᠠᠢ ᠨᠠᠮ ᠤᠨ ᠵᠣᠬᠢᠶᠠᠨ ᠪᠠᠶᠢᠭᠤᠯᠤᠯᠲᠠ ᠠᠴᠠ ᠲᠠᠭᠠᠭᠤᠯᠤᠨ ᠬᠤᠷᠰᠢᠶᠠᠵᠢᠯ ᠡᠷᠬᠢᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠵᠠᠮ ᠢ  ᠨᠡᠭᠡᠭᠡᠵᠦ ᠪᠠᠶᠢᠨ᠎ᠠ᠃ ᠳ᠋ᠧᠩᠺᠸᠤ ᠰᠢᠶᠠᠨ ᠤ 5 ᠰᠤᠮᠤ ᠪᠠᠯᠭᠠᠰᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠪᠤᠴᠠ ᠳᠤ᠂  ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠲᠠᠶᠢᠴᠢᠨ ᠪᠠᠬᠢᠯᠡᠯᠲᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠦᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ  ᠦᠷᠭᠡᠳᠭᠡᠭᠰᠡᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠡᠢ᠃ ᠣᠳᠣᠬᠠᠨ ᠳᠤ᠂ ᠪᠥᠬᠦ ᠰᠢᠶᠠᠨ ᠤ 47 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠦᠬᠦᠨ ᠢᠶᠠᠷ ᠢᠶᠠᠨ 10 ᠲᠦᠮᠡᠨ ᠲᠥᠭᠦᠷᠢᠭ ᠠᠴᠠ ᠳᠡᠭᠡᠭᠰᠢ  ᠬᠥᠷᠥᠭᠰᠡᠨ ᠪᠠᠶᠢᠨ᠎ᠠ᠃      ᠰᠤᠷᠪᠤᠯᠵᠢᠯᠠᠭᠴᠢ ᠳ᠋ᠧᠩᠺᠸᠤ ᠰᠢᠶᠠᠨ ᠤ ᠳ᠋ᠦᠺᠸᠤ ᠪᠠᠯᠭᠠᠰᠤᠨ ᠤ ᠳ᠋ᠦᠩ ᠳ᠋ᠢ ᠲᠣᠰᠬᠤᠨ ᠤ ᠠᠵᠤ ᠦᠢᠯᠡᠰ ᠤᠨ ᠬᠦᠷᠢᠶᠡᠯᠡᠩ ᠤᠨ ᠮᠢᠩᠭᠠᠨ ᠮᠤ᠋ ᠶᠢᠨ ᠳᠤᠯᠠᠭᠠᠨ ᠬᠦᠯᠡᠮᠵᠢ ᠳᠤ ᠬᠦᠷᠬᠦ ᠳᠤ᠂ ᠬᠤᠸᠠᠯᠠᠶᠢᠱᠢ ᠠᠮᠲᠠᠲᠤ ᠬᠡᠮᠬᠡ ᠶᠢᠨ ᠤᠷᠭᠤᠴᠠ ᠰᠠᠶᠢᠨ ᠪᠠᠶᠢᠵᠤ᠂ ᠲᠣᠰᠬᠤᠨ ᠤ ᠠᠷᠠᠳ ᠸᠧᠨ ᠼᠠᠢ ᠰᠢᠶᠠ ᠰᠤᠷᠪᠤᠯᠵᠢᠯᠠᠭᠴᠢ ᠳᠤ 5 ᠰᠠᠷ᠎ᠠ ᠶᠢᠨ ᠰᠡᠭᠦᠯᠴᠢ ᠪᠠᠷ ᠵᠠᠬ᠎ᠠ ᠳᠡᠯᠭᠡᠭᠦᠷ ᠲᠤ ᠬᠤᠳᠠᠯᠳᠤᠨ᠎ᠠ᠂ ᠣᠳᠣᠬᠠᠨ ᠳᠤ ᠲᠣᠭᠲᠠᠮᠠᠯ ᠬᠤᠳᠠᠯᠳᠤᠨ ᠠᠪᠤᠭᠴᠢ ᠲᠠᠢ ᠪᠣᠯᠣᠭᠰᠠᠨ ᠠᠴᠠ ᠠᠵᠤ ᠦᠢᠯᠡᠰ ᠬᠡᠯᠬᠢᠶᠡᠵᠢᠭᠰᠡᠨ᠂ ᠰᠤᠯᠠ ᠴᠠᠭ ᠢᠶᠠᠷ ᠪᠠᠰᠠ ᠬᠥᠯᠥᠰᠦᠨ ᠠᠵᠢᠯ ᠬᠢᠵᠦ ᠣᠷᠣᠯᠭ᠎ᠠ ᠪᠠᠨ ᠨᠡᠮᠡᠭᠳᠡᠭᠦᠯᠵᠦ ᠪᠣᠯᠣᠨ᠎ᠠ᠂ ᠭᠠᠵᠠᠷ ᠰᠢᠷᠣᠢ ᠰᠢᠯᠵᠢᠬᠦᠯᠦᠨ ᠲᠠᠭᠠᠭᠠᠴᠢᠯᠠᠭᠤᠯᠭᠰᠠᠨ ᠣᠷᠣᠯᠭ᠎ᠠ ᠮᠤ᠋ ᠪᠦᠷᠢ700 ᠲᠥᠭᠦᠷᠢᠭ᠂ ᠵᠢᠯ ᠪᠦᠷᠢ ᠮᠠᠨ ᠤ ᠬᠢᠨ15 ᠲᠦᠮᠡ ᠠᠴᠠ16 ᠲᠦᠮᠡᠨ ᠲᠥᠭᠦᠷᠢᠭ ᠤᠨ ᠣᠷᠣᠯᠭ᠎ᠠ ᠲᠠᠢ ᠭᠡᠵᠦ ᠪᠠᠶᠠᠷᠲᠠᠢ ᠶᠠᠷᠢᠨ᠎ᠠ᠃ ᠸᠧᠨ ᠼᠠᠢ ᠰᠢᠶᠠ ᠶᠢᠨ ᠵᠣᠯ ᠵᠢᠷᠭᠠᠯᠲᠤ ᠠᠮᠢᠳᠤᠷᠠᠯ ᠨᠢ ᠲᠣᠰᠬᠤᠨ ᠤ ᠨᠠᠮ ᠤᠨ ᠡᠭᠦᠷ ᠤᠨ ᠪᠠᠶᠢᠭᠤᠯᠤᠭᠰᠠᠨ ᠣᠨᠴᠠᠯᠢᠭᠲᠤ ᠠᠵᠤ ᠦᠢᠯᠡᠰ ᠤᠨ ᠬᠦᠷᠢᠶᠡᠯᠡᠩ  ᠲᠠᠢ ᠨᠢᠭᠲᠠ ᠬᠤᠯᠪᠣᠭᠠᠲᠠᠢ᠃ ᠳ᠋ᠦᠩ ᠳ᠋ᠢ ᠲᠣᠰᠬᠤᠨ ᠤ ᠭᠠᠵᠠᠷ ᠰᠢᠷᠣᠢ ᠲᠠᠷᠠᠬᠠᠢ ᠪᠤᠲᠠᠷᠬᠠᠢ᠂ ᠲᠣᠰᠬᠤᠨ ᠤ ᠠᠷᠠᠳ ᠤᠨ ᠣᠷᠣᠯᠭ᠎ᠠ ᠳᠣᠣᠷ᠎ᠠ ᠪᠠᠶᠢᠬᠤ ᠠᠰᠠᠭᠤᠳᠠᠯ  ᠳᠤ ᠴᠢᠭᠯᠡᠭᠦᠯᠦᠨ ᠲᠣᠰᠬᠤᠨ ᠤ ᠨᠠᠮ ᠤᠨ ᠡᠭᠦᠷ ᠢᠶᠠᠷ ᠬᠥᠲᠥᠯᠥᠨ ᠳᠠᠭᠠᠭᠤᠯᠵᠤ᠂ 2939 ᠲᠦᠮᠡᠨ ᠲᠥᠭᠦᠷᠢᠭ ᠤᠨ ᠪᠡᠯᠡ ᠣᠷᠣᠭᠤᠯᠤᠨ 1000 ᠮᠦ ᠶᠢᠨ ᠭᠠᠵᠠᠷ ᠰᠢᠷᠣᠢ ᠶᠢ ᠰᠢᠯᠵᠢᠭᠦᠯᠵᠦ᠂ ᠴᠢᠬᠢ ᠪᠣᠶᠢᠵᠢᠭᠤᠯᠬᠤ ᠬᠦᠯᠡᠮᠵᠢ ᠪᠠ ᠪᠣᠯᠣᠳ ᠵᠢᠶᠠᠰᠠ ᠲᠠᠢ ᠬᠦᠯᠡᠮᠵᠢ ᠶᠢ ᠪᠦᠲᠦᠭᠡᠨ ᠪᠠᠶᠢᠭᠤᠯᠵᠤ᠂  ᠬᠤᠸᠠᠯᠠᠶᠢᠱᠢ ᠠᠮᠲᠠᠲᠤ ᠬᠡᠮᠬᠡ ᠪᠠ ᠪᠧᠢ ᠪᠧᠢ  ᠨᠠᠩᠭᠤᠸᠠ ᠵᠡᠷᠭᠡ ᠣᠨᠴᠠᠯᠢᠭᠲᠤ ᠵᠢᠮᠢᠰ ᠨᠣᠭᠤᠭ᠎ᠠ ᠲᠠᠷᠢᠵᠦ᠂ ᠡᠭᠦᠨ ᠤ ᠬᠠᠮᠲᠤ ᠠᠷᠠᠯᠵᠢᠶᠠᠨ ᠤ ᠵᠠᠬ᠎ᠠ ᠳᠡᠯᠭᠡᠭᠦᠷ ᠢ ᠢᠵᠢ ᠪᠦᠷᠢᠳᠦᠭᠦᠯᠦᠨ ᠪᠠᠶᠢᠭᠤᠯᠵᠤ᠂ ᠲᠣᠰᠬᠤᠨ ᠤ ᠠᠷᠠᠳ ᠢ ᠲᠠᠶᠢᠴᠢᠯᠠᠨ ᠬᠥᠮᠥᠨ ᠳᠤᠮᠳᠠᠴᠢ ᠶᠢᠨ ᠣᠷᠣᠯᠭ᠎ᠠ ᠶᠢ 5000 ᠲᠥᠭᠦᠷᠢᠭ ᠠᠴᠠ ᠳᠡᠭᠡᠭᠰᠢ  ᠨᠡᠮᠡᠭᠳᠡᠭᠦᠯᠦᠭᠰᠡᠨ ᠪᠠᠶᠢᠨ᠎ᠠ᠃      ᠨᠠᠮ ᠤᠨ ᠡᠭᠦᠷ  ᠠᠴᠠ ᠲᠠᠭᠠᠭᠤᠯᠤᠨ ᠡᠷᠬᠢᠯᠡᠭᠰᠡᠨ ᠬᠤᠷᠰᠢᠶᠠᠵᠢᠯ ᠤᠨ ᠬᠥᠭᠵᠢᠯᠲᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ ᠲᠦᠷᠦᠯ ᠵᠦᠢᠯ ᠢ  ᠤᠷᠢᠨ ᠣᠷᠣᠭᠤᠯᠬᠤ ᠪᠠ ᠬᠦᠷᠢᠶᠡᠯᠡᠩ ᠲᠣᠭᠤᠷᠢᠭ ᠪᠠᠶᠢᠭᠤᠯᠬᠤ ᠪᠠᠷ ᠳᠠᠮᠵᠢᠭᠤᠯᠵᠤ᠂ ︽ᠲᠣᠰᠬᠤᠨ ᠤ ᠨᠠᠮ ᠤᠨ ᠡᠭᠦᠷ + ᠬᠤᠷᠰᠢᠶᠠᠵᠢᠯ + ᠠᠵᠤ ᠦᠢᠯᠡᠰ ᠤᠨ ᠬᠦᠷᠢᠶᠡᠯᠡᠩ + ᠲᠠᠷᠢᠶᠠᠴᠢᠨ ᠡᠷᠦᠬᠡ︾ ᠬᠠᠷᠢᠯᠴᠠᠨ ᠬᠤᠯᠪᠣᠭᠠᠯᠠᠭᠰᠠᠨ ᠬᠡᠯᠪᠡᠷᠢ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠬᠥᠳᠡᠭᠡ ᠠᠵᠤ ᠠᠬᠤᠢ ᠬᠦᠴᠦᠷᠬᠡᠭᠵᠢᠭᠰᠡᠨ᠂ ᠲᠠᠷᠢᠶᠠᠴᠢᠨ ᠪᠠᠶᠠᠵᠢᠭᠰᠠᠨ᠂ ᠬᠥᠳᠡᠭᠡ ᠲᠣᠰᠬᠤᠨ ᠦᠵᠡᠰᠬᠦᠯᠡᠩᠲᠦ ᠰᠠᠶᠢᠬᠠᠨ ᠰᠢᠨ᠎ᠡ ᠬᠠᠭᠤᠳᠠᠰᠤ ᠶᠢ ᠪᠢᠴᠢᠭᠯᠡᠨ᠎ᠡ᠃ ᠳ᠋ᠦᠩ ᠳ᠋ᠢ ᠲᠣᠰᠬᠤᠨ ᠨᠢ ᠨᠠᠮ ᠤᠨ ᠡᠭᠦᠷ ᠠᠴᠠ ᠲᠠᠭᠠᠭᠤᠯᠤᠨ ᠡᠷᠬᠢᠯᠡᠭᠰᠡᠨ ᠬᠤᠷᠰᠢᠶᠠᠵᠢᠯ ᠤᠨ ᠰᠠᠶᠢᠨ ᠳᠣᠬᠢᠶᠠᠯ ᠢ ᠠᠳᠬᠤᠨ᠂2022 ᠣᠨ ᠳᠤ  ᠲᠣᠰᠬᠤᠨ ᠤ ᠠᠷᠠᠳ ᠲᠠᠢ ᠪᠠᠨ ᠬᠠᠮᠲᠤᠷᠠᠨ320 ᠲᠦᠮᠡᠨ ᠲᠥᠭᠦᠷᠢᠭ ᠤᠨ ᠪᠡᠯᠡ ᠣᠷᠣᠭᠤᠯᠤᠨ ᠳ᠋ᠦᠩ ᠰᠢᠨ ᠲᠠᠷᠢᠶᠠᠯᠠᠩ ᠤᠨ ᠲᠤᠰᠬᠠᠢ ᠬᠤᠷᠰᠢᠶᠠᠵᠢᠯ ᠢ ᠪᠠᠶᠢᠭᠤᠯᠤᠨ2500 ᠮᠤ᠋ ᠶᠢᠨ ᠢᠳᠡᠭᠡᠨ ᠪᠠ ᠠᠵᠤ ᠠᠬᠤᠢ ᠶᠢᠨ ᠲᠠᠷᠢᠮᠠᠯ ᠢ ᠨᠢᠭᠡᠳᠦᠯᠲᠡᠢ ᠪᠠᠷᠢᠮᠵᠢᠶᠠᠵᠢᠭᠤᠯᠤᠨ ᠲᠠᠷᠢᠵᠤ᠂ 2022 ᠣᠨ ᠤ ᠰᠡᠭᠦᠯᠴᠢ ᠳ᠋ᠦᠩ ᠳ᠋ᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ100 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃      ᠰᠤᠷᠪᠤᠯᠵᠢᠯᠠᠭᠴᠢ ᠳ᠋ᠦᠩ ᠳ᠋ᠢ ᠲᠣᠰᠬᠤᠨ ᠤ ᠨᠠᠮ ᠤᠨ ᠡᠭᠦᠷ ᠤᠨ ᠱᠦᠵᠢ ᠴᠧᠨ ᠰᠢᠶᠣᠣ ᠵᠢᠶᠦ᠋ᠨ ᠠᠴᠠ ᠬᠤᠶᠢᠰᠢᠲᠠ ᠶᠢᠨ ᠬᠥᠭᠵᠢᠯᠲᠡ ᠶᠢᠨ ᠲᠥᠯᠥᠪᠯᠡᠭᠡ ᠶᠢ ᠨᠢ ᠠᠰᠠᠭᠤᠬᠤ ᠳᠤ᠂ ᠲᠡᠷᠡ ᠰᠤᠷᠪᠤᠯᠵᠢᠯᠠᠭᠴᠢ ᠳᠤ 2023 ᠣᠨ ᠤ ᠴᠡᠪᠡᠷ ᠣᠷᠣᠯᠭ᠎ᠠ150 ᠲᠦᠮᠡᠨ ᠲᠥᠭᠦᠷᠢᠭ ᠲᠤ ᠬᠥᠷᠥᠨ᠎ᠡ᠂ ᠳᠠᠷᠠᠭᠠᠴᠢ ᠶᠢᠨ ᠠᠯᠬᠤᠮ ᠳᠤ ᠬᠤᠷᠰᠢᠶᠠᠵᠢᠯ ᠨᠢ ᠲᠣᠰᠬᠤᠨ ᠤ ᠬᠠᠮᠲᠤ ᠨᠡᠶᠢᠲᠡ ᠪᠠ ᠲᠣᠰᠬᠤᠨ ᠤ ᠬᠤᠶᠠᠷ ᠵᠥᠪᠯᠡᠯ ᠤᠨ ᠪᠡᠯᠡ ᠣᠷᠣᠭᠤᠯᠤᠭᠰᠠᠨ ᠬᠠᠷᠢᠴᠠᠯ ᠢ ᠪᠠᠭᠤᠷᠠᠭᠤᠯᠤᠨ ᠨᠡᠩ ᠤᠯᠠᠨ ᠲᠣᠰᠬᠤᠨ ᠤ ᠲᠠᠷᠢᠶᠠᠴᠢᠳ ᠢ ᠲᠠᠶᠢᠴᠢᠯᠠᠨ ᠬᠤᠷᠰᠢᠶᠠᠵᠢᠯ ᠤᠨ ᠬᠥᠭᠵᠢᠯᠲᠡ ᠪᠠᠷ ᠠᠰᠢᠭ ᠣᠷᠣᠯᠭ᠎ᠠ ᠶᠢ ᠨᠢ ᠨᠡᠮᠡᠭᠳᠡᠭᠦᠯᠦᠨ᠎ᠡ ᠭᠡᠵᠦ ᠪᠠᠶᠢᠯ᠎ᠠ᠃      ᠳ᠋ᠧᠩᠺᠸᠤ ᠰᠢᠶᠠᠨ ᠤ ᠪᠠᠶᠠᠨᠭᠤᠣᠯ ᠪᠠᠯᠭᠠᠰᠤ ᠶᠢᠨ ᠴᠧᠩ ᠭᠤᠸᠠᠨ ᠲᠣᠰᠬᠤᠨ ᠨᠢ ᠲᠠᠷᠢᠶᠠᠨ ᠭᠠᠵᠠᠷ ᠪᠠᠭ᠎ᠠ᠂ ᠣᠷᠣᠯᠭ᠎ᠠ ᠪᠠᠭ᠎ᠠ᠂ ᠲᠣᠰᠬᠤᠨ ᠤ ᠬᠠᠮᠲᠤ ᠨᠡᠶᠢᠲᠡ ᠥᠷᠢ ᠰᠢᠷᠢ ᠲᠠᠢ ᠶᠠᠳᠠᠭᠤ ᠵᠦᠳᠡᠭᠦᠦ ᠲᠣᠰᠬᠤᠨ ᠪᠠᠶᠢᠭᠰᠠᠨ᠃ ᠡᠶᠢᠮᠦᠷᠬᠦ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ ᠴᠧᠨ ᠭᠤᠸᠠᠨ ᠲᠣᠰᠬᠤᠨ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠪᠣᠬᠢᠷᠲᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ ᠢ ᠪᠠᠲᠤᠳᠬᠠᠵᠤ᠂ ᠲᠣᠰᠬᠤᠨ ᠤ ᠨᠠᠮ ᠤᠨ ᠡᠭᠦᠷ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠳᠠᠮᠵᠢᠨ᠂ ᠬᠤᠳᠠ ᠶᠢᠨ ᠲᠡᠭᠦᠷᠭᠡ ᠶᠢᠨ ᠳᠠᠪᠠᠭᠤᠯᠢᠭ ᠲᠠᠭᠠᠨ ᠲᠦᠰᠢᠭᠯᠡᠨ 350 ᠮᠦ ᠭᠠᠵᠠᠷ ᠰᠢᠷᠣᠢ ᠶᠢ ᠰᠢᠯᠵᠢᠭᠦᠯᠵᠦ᠂ ᠨᠠᠮ ᠤᠨ ᠡᠭᠦᠷ ᠠᠴᠠ ᠳᠠᠭᠠᠭᠤᠯᠤᠨ ᠡᠷᠬᠢᠯᠡᠨ ᠪᠦᠬᠦ ᠠᠷᠠᠳ ᠢᠶᠠᠷ ᠢᠶᠠᠨ ᠬᠠᠮᠲᠤᠪᠠᠷ ᠡᠳ᠋ᠯᠡᠬᠦ ᠠᠷᠭ᠎ᠠ ᠬᠡᠯᠪᠡᠷᠢ ᠪᠠᠷ  ᠬᠤᠷᠰᠢᠶᠠᠵᠢᠯ  ᠪᠠᠶᠢᠭᠤᠯᠬᠤ ᠶᠢᠨ ᠬᠠᠮᠲᠤ ᠺᠣᠮᠫᠠᠨᠢ ᠶᠢ ᠤᠷᠢᠨ ᠣᠷᠣᠭᠤᠯᠵᠤ 70 ᠬᠦᠯᠡᠮᠵᠢ ᠪᠠᠶᠢᠭᠤᠯᠵᠤ᠂ ᠲᠣᠰᠬᠤᠨ ᠤ ᠠᠷᠠᠳ ᠢ ᠲᠠᠶᠢᠴᠢᠯᠠᠨ ᠬᠤᠸᠠᠯᠠᠶᠢᠱᠢ ᠠᠮᠲᠠᠲᠤ ᠬᠡᠮᠬᠡ ᠪᠠ ᠭᠦᠵᠡᠯᠵᠡᠭᠡᠨ᠎ᠡ ᠵᠢᠴᠢ ᠢᠳᠡᠰᠢᠨ ᠨᠣᠭᠤᠭ᠎ᠠ ᠵᠡᠷᠭᠡ  ᠠᠵᠤ ᠠᠬᠤᠢ ᠶᠢᠨ ᠲᠠᠷᠢᠮᠠᠯ ᠢ ᠬᠥᠭᠵᠢᠭᠦᠯᠵᠦ᠂  ᠪᠥᠬᠦ ᠲᠣᠰᠬᠤᠨ ᠢᠶᠠᠷ ᠢᠶᠠᠨ ᠪᠠᠶᠠᠵᠢᠨ ᠴᠢᠨᠡᠭᠡᠯᠢᠭᠵᠢᠵᠦ ᠡᠬᠢᠯᠡᠵᠡᠢ᠃       ᠳ᠋ᠧᠩᠺᠸᠤ ᠰᠢᠶᠠᠨ ᠤ  ᠪᠠᠶᠠᠨᠭᠤᠣᠯ ᠪᠠᠯᠭᠠᠰᠤᠨ ᠤ ᠴᠧᠩ ᠭᠤᠸᠠᠨ ᠲᠣᠰᠬᠤᠨ ᠤ ᠨᠠᠮ ᠤᠨ ᠡᠭᠦᠷ ᠤᠨ ᠱᠦᠵᠢ ᠮᠠ ᠸᠧᠢ ᠳ᠋ᠦᠩ ᠰᠤᠷᠪᠤᠯᠵᠢᠯᠠᠭᠴᠢ ᠳᠤ ᠲᠣᠰᠬᠤᠨ ᠤ ᠨᠠᠮ ᠤᠨ ᠡᠭᠦᠷ ᠠᠴᠠ  ᠲᠠᠭᠠᠭᠤᠯᠤᠨ ᠬᠤᠷᠰᠢᠶᠠᠵᠢᠯ ᠡᠷᠬᠢᠯᠡᠵᠦ ᠮᠠᠨ ᠤ ᠬᠠᠮᠲᠤ ᠶᠢᠨ ᠣᠷᠣᠯᠭ᠎ᠠ ᠶᠢᠨ ᠨᠡᠮᠡᠭᠳᠡᠯ ᠵᠢᠯ ᠪᠦᠷᠢ 10 ᠲᠦᠮᠡᠨ ᠲᠥᠭᠦᠷᠢᠭ ᠢ ᠳᠠᠪᠠᠵᠤ᠂ ᠬᠥᠮᠥᠨ ᠳᠤᠮᠳᠠᠴᠢ ᠶᠢᠨ ᠣᠷᠣᠯᠭ᠎ᠠ 12723 ᠲᠥᠭᠦᠷᠢᠭ ᠲᠤ ᠬᠦᠷᠴᠡᠢ᠃ ᠲᠠᠷᠠᠭᠠᠴᠢ ᠶᠢᠨ ᠠᠯᠬᠤᠮ ᠳᠤ᠂ ᠪᠢᠳᠡ ᠡᠨᠡ ᠬᠦ ᠬᠥᠳᠡᠭᠡ ᠲᠣᠰᠬᠤᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠦᠨ᠎ᠡ ᠭᠡᠵᠦ ᠪᠠᠶᠢᠯ᠎ᠠ᠃      ᠱᠠᠵᠢᠨᠲᠤᠬᠤᠢ ᠰᠤᠮᠤᠨ ᠤ ᠪᠠᠶᠠᠨ᠋ᠦ᠌ᠨᠳᠦᠷ ᠭᠠᠴᠠᠭ᠎ᠠ  ᠲᠠᠷᠢᠶᠠᠯᠠᠬᠤ ᠭᠠᠵᠠᠷ ᠰᠢᠷᠣᠢ ᠶᠢᠨ ᠲᠠᠯᠠᠪᠠᠢ ᠶᠡᠭᠡ ᠳᠠᠪᠠᠭᠤᠯᠢᠭ ᠲᠠᠭᠠᠨ ᠲᠦᠰᠢᠭᠯᠡᠨ ᠨᠠᠮ ᠤᠨ ᠡᠭᠦᠷ ᠠᠴᠠ ᠲᠠᠭᠠᠭᠤᠯᠤᠨ ᠬᠤᠷᠰᠢᠶᠠᠵᠢᠯ ᠪᠠᠶᠢᠭᠤᠯᠤᠨ ᠲᠠᠷᠢᠶᠠᠴᠢᠳ ᠢᠶᠠᠨ ᠵᠣᠷᠢᠭᠵᠢᠭᠤᠯᠤᠨ ᠠᠮᠤ ᠪᠤᠳᠠᠭᠠᠨ ᠤ ᠲᠠᠷᠢᠮᠠᠯ ᠢ ᠶᠡᠬᠡᠪᠡᠷ ᠲᠠᠷᠢᠬᠤ ᠶᠢᠨ ᠬᠠᠮᠲᠤ ᠣᠳᠣᠬᠢᠴᠢᠯᠠᠭᠰᠠᠨ ᠮᠠᠰᠢᠨ ᠲᠦᠭᠦᠭᠡᠷᠦᠮᠵᠢ ᠶᠢ ᠠᠰᠢᠭᠯᠠᠨ ᠲᠠᠷᠢᠶᠠᠨ ᠭᠠᠵᠠᠷ ᠢ ᠬᠡᠪᠴᠢᠶᠡᠵᠢᠭᠦᠯᠦᠨ ᠡᠵᠡᠩᠨᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠪᠠᠶᠢᠨ᠎ᠠ᠃      ᠣᠶᠢᠷ᠎ᠠ ᠶᠢᠨ ᠬᠤᠭᠤᠴᠠᠭᠠᠨ  ᠳᠤ ᠡᠷᠳᠡᠨᠢ ᠰᠢᠰᠢ ᠲᠠᠷᠢᠬᠤ ᠵᠠᠩᠭᠢᠯᠠᠭ᠎ᠠ ᠶᠢᠨ ᠴᠠᠭ ᠪᠣᠯᠬᠤᠷ ᠱᠠᠵᠢᠨᠲᠤᠬᠤᠢ ᠰᠤᠮᠤᠨ ᠤ ᠪᠠᠶᠠᠨ᠋ᠦ᠌ᠨᠳᠦᠷ ᠭᠠᠴᠠᠭᠠᠨ ᠤ ᠲᠠᠷᠢᠶᠠᠴᠢᠳ ᠲᠠᠷᠢᠶᠠᠯᠠᠩ ᠳᠠᠭᠠᠨ ᠶᠠᠭᠠᠷᠠᠯᠳᠤᠨ᠎ᠠ᠃ ᠲᠠᠷᠢᠶᠠᠴᠢᠨ ᠵᠠᠩ ᠢᠦᠢ ᠶᠢᠨ ᠲᠠᠷᠢᠶᠠᠨ ᠳᠤ10 ᠭᠠᠷᠤᠢ ᠣᠳᠣᠬᠢᠴᠢᠯᠠᠭᠰᠠᠨ ᠲᠠᠷᠢᠶᠠᠯᠠᠨᠬᠤ ᠮᠠᠰᠢᠨ  ᠤᠳ ᠦᠷ᠎ᠡ ᠲᠠᠷᠢᠬᠤ ᠪᠣᠷᠳᠣᠭᠤᠷ ᠰᠠᠴᠤᠬᠤ ᠵᠡᠷᠭᠡ ᠠᠵᠢᠯ ᠢ ᠵᠡᠷᠭᠡᠪᠡᠷ ᠬᠦᠢᠴᠡᠳᠭᠡᠵᠦ ᠬᠥᠮᠥᠨ ᠤ ᠬᠦᠴᠦ ᠶᠢ ᠠᠷᠪᠢᠯᠠᠬᠤ ᠶᠢᠨ ᠬᠠᠮᠲᠤ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠦᠭᠰᠡᠨ ᠪᠠᠶᠢᠨ᠎ᠠ᠃ ᠵᠠᠩ ᠢᠦᠢ ᠰᠤᠷᠪᠤᠯᠵᠢᠯᠠᠭᠴᠢ ᠳᠤ ᠡᠨᠡ ᠵᠢᠯ 4 ᠮᠢᠩᠭᠠᠨ ᠮᠤ᠋ ᠲᠠᠷᠢᠭᠰᠠᠨ ᠣᠳᠣᠬᠢᠴᠢᠯᠠᠭᠰᠠᠨ ᠮᠠᠰᠢᠨ ᠢ ᠵᠠᠷᠤᠭᠰᠠᠨ ᠠᠴᠠ ᠲᠠᠷᠢᠬᠤ ᠲᠠᠯᠠᠪᠠᠢ ᠨᠡᠮᠡᠭᠳᠡᠨ ᠤᠨᠠᠯᠲᠠ ᠨᠢ ᠳᠡᠭᠡᠭᠰᠢᠯᠡᠵᠦ ᠨᠡᠶᠢᠲᠡ 20 ᠭᠠᠷᠤᠢ ᠲᠦᠮᠡᠨ ᠵᠢᠩ ᠡᠷᠳᠡᠨᠢ ᠰᠢᠰᠢ ᠬᠤᠷᠢᠶᠠᠨ᠎ᠠ ᠭᠡᠵᠦ ᠪᠠᠶᠠᠷᠲᠠᠢ ᠶᠠᠷᠢᠨ᠎ᠠ᠃      ᠪᠠᠶᠠᠨ᠋ᠦ᠌ᠨᠳᠦᠷ ᠭᠠᠴᠠᠭᠠᠨ ᠤ ᠲᠠᠷᠢᠶᠠᠨ ᠭᠠᠵᠠᠷ ᠤᠨ ᠲᠠᠯᠠᠪᠠᠢ 14 ᠲᠦᠮᠡ ᠭᠠᠷᠤᠢ ᠮᠦ᠂ ᠲᠣᠰᠬᠤᠨ ᠤ ᠨᠠᠮ ᠤᠨ ᠡᠭᠦᠷ ᠠᠴᠠ ᠲᠠᠷᠢᠶᠠᠴᠢᠳ ᠢ ᠬᠥᠲᠥᠯᠥᠨ ᠳᠠᠭᠠᠭᠤᠯᠵᠤ ᠪᠤᠭᠤᠳᠠᠢ᠂  ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠠᠮᠤ ᠪᠤᠳᠠᠭᠠᠨ ᠤ ᠲᠠᠷᠢᠮᠠᠯ ᠢ ᠶᠡᠬᠡᠪᠡᠷ ᠲᠠᠷᠢᠬᠤ ᠶᠢᠨ ᠬᠠᠮᠲᠤ ᠲᠠᠷᠢᠶᠠᠯᠠᠩ ᠤᠨ ᠮᠠᠰᠢᠨ ᠤ ᠲᠤᠰᠬᠠᠢ  ᠬᠤᠷᠰᠢᠶᠠᠵᠢᠯ ᠢ ᠪᠠᠶᠢᠭᠤᠯᠵᠤ᠂ ᠲᠠᠷᠢᠶᠠᠴᠢᠳ ᠲᠤ ᠮᠠᠰᠢᠨ ᠲᠦᠭᠦᠭᠡᠷᠦᠮᠵᠢ ᠶᠢᠨ ᠦᠢᠯᠡᠴᠢᠯᠡᠭᠡ ᠬᠠᠩᠭᠠᠨ ᠠᠮᠤ ᠪᠤᠳᠠᠭᠠᠨ ᠤ ᠦᠢᠯᠡᠳᠪᠦᠷᠢᠯᠡᠯ ᠳᠤ ᠬᠦᠴᠦ ᠨᠡᠮᠡᠷᠢᠯᠡᠬᠦ ᠶᠢᠨ ᠬᠠᠮᠲᠤ ᠲᠣᠰᠬᠤᠨ ᠤ ᠬᠠᠮᠲᠤ ᠶᠢᠨ ᠠᠵᠤ ᠠᠬᠤᠢ ᠶᠢ  ᠪᠤᠵᠠᠭᠠᠶᠢᠷᠠᠭᠤᠯᠵᠤ ᠪᠠᠶᠢᠨ᠎ᠠ᠃ ᠳ᠋ᠧᠩᠺᠸᠤ ᠰᠢᠶᠠᠨ ᠤ  ᠴᠣᠯᠮᠣᠨ ᠲᠠᠷᠢᠶᠠᠯᠠᠩ ᠤᠨ ᠮᠠᠰᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠵᠢᠯ ᠨᠢ ᠣᠳᠣᠬᠠᠨ ᠳᠤ 10 ᠰᠠᠤᠷᠢ ᠲᠠᠷᠢᠬᠤ ᠮᠠᠰᠢᠨ ᠮᠧᠬᠠᠨᠢᠭ ᠲᠠᠢ᠂ ᠲᠠᠷᠢᠬᠤ ᠬᠤᠭᠤᠴᠠᠭᠠᠨ ᠳᠤ ᠪᠥᠬᠦ ᠭᠠᠴᠠᠭᠠᠨ ᠤ ᠲᠠᠷᠢᠮᠠᠯ ᠤᠨ ᠠᠮᠵᠢᠯᠲᠠᠲᠠᠢ ᠲᠠᠷᠢᠬᠤ ᠠᠵᠢᠯ ᠢ ᠪᠠᠲᠤᠯᠠᠵᠤ ᠪᠠᠶᠢᠨ᠎ᠠ᠃ ᠳ᠋ᠧᠩᠺᠸᠤ ᠰᠢᠶᠠᠨ ᠤ ᠱᠠᠵᠢᠨᠳᠤᠬᠠᠢ  ᠰᠤᠮᠤᠨ ᠤ ᠪᠠᠶᠠᠨ᠋ᠦ᠌ᠨᠳᠦᠷ ᠭᠠᠴᠠᠭ᠎ᠠ ᠶᠢᠨ ᠨᠠᠮ ᠤᠨ ᠡᠭᠦᠷ ᠤᠨ ᠱᠦᠵᠢ ᠸᠠᠩ ᠷᠦᠩ ᠮᠧᠢ ᠰᠤᠷᠪᠤᠯᠵᠢᠯᠠᠭᠴᠢ ᠳᠤ᠂ ᠮᠠᠨ ᠤ ᠲᠣᠰᠬᠤᠨ ᠪᠣᠯ ᠱᠠᠵᠢᠨᠳᠤᠬᠠᠢ ᠰᠤᠮᠤ ᠶᠢᠨ ᠲᠠᠷᠢᠶᠠᠨ ᠭᠠᠵᠠᠷ ᠤᠨ ᠲᠠᠯᠠᠪᠠᠢ ᠪᠠᠷ ᠬᠠᠮᠤᠭ ᠤᠨ ᠶᠡᠭᠡ ᠲᠣᠰᠬᠤᠨ ᠪᠣᠯᠣᠨ᠎ᠠ᠂ ᠥᠩᠭᠡᠷᠡᠭᠰᠡᠨ ᠳᠤ ᠳᠠᠷᠢᠶ᠎ᠠ ᠪᠠᠨ ᠴᠠᠭ ᠲᠠᠭᠠᠨ ᠲᠠᠷᠢᠵᠤ ᠪᠠᠷᠠᠳᠠᠭ ᠦᠭᠡᠢ᠂ ᠡᠨᠡᠬᠦ  ᠬᠤᠷᠰᠢᠶᠠᠵᠢᠯ ᠶᠢ ᠪᠠᠶᠢᠭᠤᠯᠤᠭᠰᠠᠨ ᠤ ᠳᠠᠷᠠᠭ᠎ᠠ ᠴᠠᠭ ᠲᠤᠬᠠᠢ ᠳᠤᠨᠢ ᠡᠨᠡᠬᠦ ᠮᠠᠰᠢᠨ ᠢ ᠬᠤᠪᠢᠶᠠᠷᠢᠯᠠᠵᠤ ᠲᠠᠷᠢᠬᠤ ᠪᠣᠯᠣᠭᠰᠠᠨ ᠠᠴᠠ ᠲᠠᠷᠢᠶᠠᠯᠠᠩ ᠤᠨ ᠮᠠᠰᠢᠨ ᠤ ᠬᠤᠷᠰᠢᠶᠠᠵᠢᠯ ᠨᠢ ᠲᠣᠰᠬᠤᠨ ᠤ ᠬᠠᠮᠲᠤ ᠶᠢᠨ ᠣᠷᠣᠯᠭ᠎ᠠ ᠶᠢᠨ 10% ᠣᠷᠴᠢᠮ  ᠳᠡᠭᠡᠭᠰᠢᠯᠡᠭᠦᠯᠦᠭᠰᠡᠨ ᠭᠡᠵᠦ ᠪᠠᠶᠢᠯ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ