ᠳᠤᠮᠳᠠᠳᠤ ᠮᠣᠩᠭᠤᠯ ᠤᠷᠦᠰ ᠤᠨ ᠤᠯᠡᠠ ᠤᠯᠤᠰ ᠤᠨ ᠲᠠᠸᠠᠷ ᠤᠨ ᠦᠵᠡᠭᠦᠯᠦᠯᠭᠡ ᠶᠢᠨ ᠴᠤᠭᠯᠠᠭᠠᠨ  ᠤᠷᠠᠳ ᠤᠨ ᠬᠤᠶᠢᠳᠦ ᠬᠤᠰᠢᠭᠤᠨ ᠳᠤ  ᠡᠬᠢᠯᠡᠪᠡ
ᠨᠡᠶᠢᠲᠡᠯᠡᠭᠰᠡᠨ ᠴᠠᠭ᠄
2023/5/26
      5 ᠰᠠᠷ᠎ᠠ ᠶᠢᠨ 20 ᠤ ᠡᠳᠦᠷ ᠠᠴᠠ 5 ᠰᠠᠷ᠎ᠠ ᠶᠢᠨ 26 ᠤ ᠡᠳᠦᠷ ᠪᠣᠯᠲᠠᠯ᠎ᠠ᠂ ᠤᠷᠠᠳ ᠤᠨ ᠬᠤᠶᠢᠲᠤ ᠬᠤᠰᠢᠭᠤᠨ ᠤ ᠬᠢᠨ ᠥᠪᠥᠷ ᠮᠣᠩᠭᠤᠯ ᠤᠨ ᠠᠯᠤᠰ ᠰᠣᠶᠣᠯ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ᠂ ᠮᠣᠩᠭᠤᠯ ᠤᠯᠤᠰ ᠤᠨ ᠤᠯᠠᠭᠠᠨᠪᠠᠭᠠᠲᠤᠷ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠨᠡᠶᠢᠭᠡᠮᠯᠢᠭ ᠢ ᠲᠤᠰᠬᠠᠶᠢᠯᠠᠨ ᠤᠷᠢᠵᠤ  ᠳ᠋ᠦᠩᠰᠢᠭᠤᠷ ᠰᠦᠮ᠎ᠠ ᠶᠢᠨ ᠬᠤᠳᠠᠯᠳᠤᠭᠠᠨ ᠤ ᠶᠠᠪᠠᠭᠠᠨ ᠵᠡᠭᠡᠯᠢ ᠶᠢᠨ ᠡᠮᠦᠨ᠎ᠡ ᠲᠠᠯᠠᠪᠠᠶ ᠳᠤ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠲᠠᠸᠠᠷ ‍ᠤᠨ‌ᠦᠵᠡᠭᠦᠯᠦᠯᠭᠡ ᠶᠢᠨ ᠴᠤᠭᠯᠠᠭᠠᠨ ᠢ ᠬᠠᠮᠲᠤᠷᠠᠨ ᠡᠷᠬᠢᠯᠡᠵᠤ᠂ ᠣᠯᠠᠨ ᠢᠶᠠᠷ ᠢᠶᠠᠨ ᠭᠡᠷ ᠤᠨ ᠡᠭᠦᠳᠡᠨ ᠲᠡᠬᠡᠷ᠎ᠡ ᠪᠠᠨ ︽ᠭᠠᠳᠠᠭᠠᠳᠤ ᠶᠢᠨ ᠪᠠᠷᠠᠭ᠎ᠠ︾ ᠶᠢ ᠬᠤᠳᠠᠯᠳᠤᠨ ᠠᠪᠬᠤ ᠶᠢ ᠦᠨᠡᠨᠬᠦ ᠪᠡᠶᠡᠯᠡᠭᠦᠯᠪᠡ᠃      ᠲᠤᠰ ᠤᠳᠠᠭᠠᠨ ᠤ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠲᠠᠸᠠᠷ ᠤᠨ ᠦᠵᠡᠭᠦᠯᠦᠯᠭᠡ ᠶᠢᠨ ᠴᠤᠭᠯᠠᠭᠠᠨ ᠳᠤ ᠨᠡᠶᠢᠲᠡ 88 ᠪᠠᠷᠢᠮᠵᠢᠶᠠᠲᠤ ᠦᠵᠡᠭᠦᠯᠦᠯᠭᠡ ᠶᠢᠨ ᠪᠠᠶᠢᠷᠢ  ᠶᠢ ᠪᠠᠶᠢᠭᠤᠯᠵᠤ᠂ ᠡᠭᠦᠨ ᠤ ᠳᠣᠲᠣᠷ᠎ᠠ ᠮᠣᠩᠭᠤᠯ ᠤᠯᠤᠰ ᠤᠨ 50 ᠦᠵᠡᠭᠦᠯᠦᠯᠭᠡ ᠶᠢᠨ ᠪᠠᠶᠢᠷᠢ᠂ ᠲᠤᠰ ᠭᠠᠵᠠᠷ ᠤᠨ 20 ᠦᠵᠡᠭᠦᠯᠦᠯᠭᠡ ᠶᠢᠨ ᠪᠠᠶᠢᠷᠢ᠂ ᠣᠷᠣᠰ᠂ ᠢᠷᠡᠨ᠂ ᠺᠣᠷᠢᠶᠠ ᠵᠡᠷᠭᠡ ᠤᠯᠤᠰ ᠤᠨ 18 ᠦᠢᠯᠡᠳᠬᠦᠨ ᠤ ᠦᠵᠡᠭᠦᠯᠦᠯᠭᠡ ᠶᠢᠨ ᠪᠠᠶᠢᠷᠢ ᠲᠤᠭᠳᠠᠭᠠᠵᠤ᠂ ᠦᠨᠳᠦᠰᠦᠲᠡᠨ ᠤ ᠥᠪᠡᠷᠮᠢᠴᠡ ᠣᠨᠴᠠᠯᠢᠭ  ᠲᠠᠢ ᠦᠢᠯᠡᠳᠬᠦᠨ᠂ ᠵᠢᠵᠢᠭ ᠲᠠᠸᠠᠷ᠂ ᠡᠯ᠎ᠡ ᠤᠯᠤᠰ ᠤᠨ ᠵᠢᠭᠤᠯᠴᠢᠯᠠᠯ ᠤᠨ ᠳᠤᠷᠠᠰᠬᠠᠯ ᠤᠨ ᠡᠳ᠋ ᠵᠢᠴᠢ ᠥᠪᠡᠷᠮᠢᠴᠡ ᠣᠨᠴᠠᠯᠢᠭ ᠲᠠᠢ ᠬᠠᠴᠢᠨ ᠴᠢᠯᠠᠭᠤᠨ ᠤ ᠦᠢᠯᠡᠳᠬᠦᠨ ᠢ ᠪᠠᠭᠲᠠᠭᠠᠭᠰᠠᠨ ᠲᠠᠸᠠᠷ ᠤᠳ ᠨᠢ ᠴᠥᠮ ᠬᠡᠷᠡᠭᠯᠡᠭᠴᠢᠳ ᠤᠨ ᠠᠩᠬᠠᠷᠤᠯ ᠢ ᠲᠠᠳᠠᠨ᠂ ᠳᠡᠯᠭᠡᠨ ᠪᠣᠷᠣᠯᠠᠭᠤᠯᠤᠯᠲᠠ ᠶᠢᠨ ᠲᠤᠬᠠᠢ ᠶᠢᠨ ᠲᠠᠯᠠᠪᠠᠶ ᠳᠤ ᠮᠠᠰᠢ ᠬᠥᠷ ᠬᠥᠭᠵᠢᠶᠡᠨ ᠲᠠᠢ ᠪᠠᠶᠢᠵᠤ᠂ ᠬᠤᠳᠠᠯᠳᠤᠭᠠᠴᠢᠳ ᠲᠤᠶᠢᠯ ᠢᠶᠠᠷ ᠶᠠᠭᠠᠷᠠᠯᠳᠠᠢ ᠪᠠᠶᠢᠯ᠎ᠠ᠃      ᠮᠤᠩᠭᠤᠯ ᠤᠯᠤᠰ ᠤᠨ ᠬᠤᠳᠠᠯᠳᠤᠭᠠᠴᠢᠨ ᠤᠶᠤᠨᠪᠢᠯᠢᠭ᠌᠄ ︽ᠪᠠᠶᠠᠠᠨᠠᠭᠤᠷ ᠠᠶᠢᠮᠠᠭ ᠤᠨ ᠤᠷᠠᠳ ᠤᠨ ᠬᠤᠶᠢᠳᠤ ᠬᠤᠰᠢᠭᠤᠨ ᠤ  ᠲᠤᠮᠳᠠᠳᠤ ᠤᠷᠤᠰ ᠮᠤᠩᠭᠤᠯ ᠤᠯᠠᠨ ᠤᠯᠤᠰ ᠤᠨ  ᠠᠷᠠᠯᠵᠢᠶ᠎ᠠ  ᠬᠤᠳᠠᠯᠳᠤᠭᠠᠨ ᠦᠵᠡᠬᠦᠯᠦᠯᠬᠡ ᠳᠤ ᠮᠤᠩᠭᠤᠯ  ᠤᠯᠤᠰ ᠠᠴᠠ ᠢᠷᠡᠭᠰᠡᠨ᠂  ᠠᠷᠠᠯᠵᠢᠶ᠎ᠠ ᠬᠤᠳᠠᠯᠳᠤᠭ᠎ᠠ ᠮᠠᠶᠢᠮᠠᠢ  5 ᠰᠠᠷ᠎ᠠ ᠶᠢᠨ20 ᠠᠴᠠ26 ᠢ ᠲᠠᠭᠤᠰᠳᠠᠯ᠎ᠠ ᠂  ᠬᠦᠮᠦᠰ ᠤᠨ ᠪᠠᠷᠠᠭ᠎ᠠ ᠲᠠᠸᠠᠷ ᠠᠷᠠᠯᠵᠢᠶ᠎ᠠ ᠮᠠᠶᠢᠮᠠᠢ ᠶᠡᠭᠡ ᠰᠠᠶᠢᠨ ᠠᠷᠪᠢᠨ  ᠪᠠᠶᠢᠬᠤ ᠪᠠᠷ ᠪᠠᠶᠢᠨ᠎ᠠ᠂  ᠮᠢᠨᠦ ᠬᠤᠪᠢ  ᠳᠤ ᠦᠨᠦᠳᠦᠷ ᠪᠠᠰᠨ ᠤᠯᠠᠨ ᠬᠤᠳᠠᠯᠳᠤᠭᠰᠠᠨ᠂ ᠬᠦᠮᠦᠨ ᠠᠷᠪᠢᠨ ᠶᠡᠭᠡ ᠲᠠᠢ ᠮᠢᠨᠦ ᠬᠤᠪᠢ ᠳᠤ ᠠᠷᠠᠯᠵᠢᠶ᠎ᠠ ᠮᠠᠶᠢᠮᠠᠢ ᠪᠠᠰᠨ ᠰᠠᠶᠢᠨ ᠪᠠᠶᠢᠨ᠎ᠠ ︾ ᠭᠡᠪᠡ᠃      ᠤᠷᠠᠳ ᠤᠨ ᠬᠤᠶᠢᠳᠤ ᠬᠤᠰᠢᠭᠤᠨ ᠤ ᠬᠦᠬᠡᠴᠦ ᠰᠤᠮᠤᠨ ᠤ ᠪᠡᠯᠴᠢᠷ ᠭᠠᠴᠠᠭᠠᠨ ᠤ ᠮᠠᠯᠴᠢᠨ ᠰᠡᠸ᠋ᠯᠮ᠎ᠠ᠄  ︽ᠤᠷᠠᠳ ᠤᠨ ᠬᠤᠶᠢᠳᠤ ᠬᠤᠰᠢᠭᠤᠨ ᠳᠤ ᠲᠤᠮᠳᠠᠳᠤ ᠤᠷᠤᠰ ᠮᠤᠩᠭᠤᠯ  ᠤᠯᠠᠨ ᠤᠯᠤᠰ ᠤᠨ ᠪᠠᠷᠠᠭ᠎ᠠ ᠬᠤᠳᠠᠯᠳᠤᠭ᠎ᠠ ᠢᠷᠡᠭᠰᠡᠨ ᠪᠠᠶᠢᠨ᠎ᠠ᠂ ᠪᠢ ᠲᠤᠭᠤᠷᠢᠭᠠᠳ ᠬᠡᠤᠬᠡᠳ ᠲᠡᠭᠡᠨ  ᠭᠤᠳᠤᠯ ᠠᠪᠤᠯ᠎ᠠ᠂ ᠢᠳᠡᠬᠦ ᠶᠠᠭᠤᠮ᠎ᠠ ᠠᠪᠤᠯ᠎ᠠ᠂ ᠮᠠᠰᠢ ᠤᠯᠠᠨ ᠰᠤᠨᠢᠨ ᠰᠡᠪᠡᠬᠦᠨ ᠵᠦᠢᠯ ᠤᠯᠵᠦ ᠦᠵᠡᠵᠦ ᠬᠠᠷᠠᠯ᠎ᠠ᠂ ᠶᠡᠭᠡ ᠰᠠᠶᠢᠬᠠᠨ ᠪᠠᠶᠢᠨ᠎ᠠ ︾ ᠭᠡᠯ᠎ᠡ᠃      ᠤᠶᠢᠯᠠᠭᠠᠭᠰᠠᠨ ᠢᠶᠠᠷ᠂ ᠲᠣᠰ ᠤᠳᠠᠭᠠᠨ ᠤ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠲᠠᠸᠠᠷ ᠤᠨ ᠦᠵᠡᠭᠦᠯᠦᠯᠭᠡ ᠶᠢᠨ ᠴᠤᠭᠯᠠᠭᠠᠨ ᠨᠢ ᠳᠤᠮᠳᠠᠳᠤ ᠮᠣᠩᠭᠤᠯ ᠣᠷᠣᠰ ᠤᠨ ᠣᠷᠣᠨ ᠨᠤᠲᠤᠭ ᠤᠨ ᠰᠣᠯᠢᠯᠴᠠᠭᠠᠨ ᠤ ᠠᠵᠢᠯᠯᠠᠭ᠎ᠠ ᠶᠢᠨ ᠠᠰᠢᠭᠲᠠᠢ ᠠᠵᠠ ᠲᠣᠬᠢᠶᠠᠯ ᠲᠠᠢ ᠤᠶᠠᠯᠳᠤᠭᠤᠯᠤᠨ᠂ ᠤᠷᠠᠳ ᠤᠨ ᠬᠤᠶᠢᠲᠤ ᠬᠤᠰᠢᠭᠤᠨ ᠤ ᠦᠨᠳᠦᠰᠦᠲᠡᠨ ᠤ ᠲᠠᠸᠠᠷ ᠤᠨ ᠳᠡᠯᠡᠬᠡᠶᠢᠵᠢᠬᠦ ᠬᠥᠭᠵᠢᠯᠲᠡ ᠶᠢ ᠠᠬᠢᠭᠤᠯᠵᠤ᠂ ᠲᠤᠰ ᠭᠠᠵᠠᠷ ᠤᠨ ᠰᠣᠶᠣᠯ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠬᠥᠭᠵᠢᠶᠡᠨᠲᠡᠢ ᠪᠤᠯᠭᠠᠨ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠳ ᠢ ᠴᠤᠭᠯᠠᠭᠤᠯᠤᠨ ᠤᠷᠠᠳ ᠤᠨ ᠬᠤᠶᠢᠲᠤ ᠬᠤᠰᠢᠭᠤᠨ ᠳᠤ ᠲᠠᠸᠠᠷ ᠤᠨ ᠰᠣᠯᠢᠯᠴᠠᠭ᠎ᠠ ᠪᠠ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠬᠢᠵᠦ᠂ ᠦᠵᠡᠬᠦᠯᠤᠯᠭᠡ ᠶᠢᠨ ᠴᠤᠭᠯᠠᠭᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠡᠯ᠎ᠡ ᠤᠯᠤᠰ ᠤᠨ ᠠᠷᠠᠳ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠶᠢ   ᠵᠤᠵᠠᠭᠠᠳᠬᠠᠨ᠂ ᠤᠷᠠᠳ ᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠡᠬᠡᠭᠰᠢᠯᠡᠬᠦᠯᠬᠦ ᠪᠤᠯᠤᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ