ᠵᠤᠨ ᠤ ᠤᠯᠠᠷᠢᠯ ᠳᠤ  ᠮᠤᠩᠭᠤᠯ ᠬᠤᠭᠤᠯᠠᠨ ᠤ ᠳᠠᠭᠤᠤ ᠬᠥᠭᠵᠢᠮ ᠤᠨ ᠨᠠᠶᠢᠷ  ᠰᠠᠶᠢᠬᠠᠨ ᠪᠥᠭᠡᠳ ᠰᠣᠨᠢᠷᠬᠠᠯ ᠲᠠᠢ ᠪᠠᠶᠢᠭ᠎ᠠ
ᠨᠡᠶᠢᠲᠡᠯᠡᠭᠰᠡᠨ ᠴᠠᠭ᠄
2023/5/26
      5 ᠰᠠᠷ᠎ᠠ ᠶᠢᠨ 20 ᠤ ᠡᠳᠦᠷ᠂ ᠤᠷᠠᠳ ᠤᠨ ᠬᠤᠶᠢᠲᠤ ᠬᠤᠰᠢᠭᠤᠨ ᠤ ᠠᠩᠬᠠᠳᠤᠭᠠᠷ ᠬᠤᠭᠤᠴᠠᠭᠠᠨ ᠤ ᠣᠤ ᠶᠢᠨ ᠭᠤᠤᠯ ᠮᠤᠩᠭᠤᠯ ᠬᠤᠭᠤᠯᠠᠨ ᠤ ᠳᠠᠭᠤᠤ ᠬᠥᠭᠵᠢᠮ ᠤᠨ ᠨᠠᠶᠢᠷ  ᠳ᠋ᠦᠩᠰᠢᠭᠤᠷ ᠰᠦᠮ᠎ᠡ ᠶᠢᠨ ᠬᠤᠳᠠᠯᠳᠤᠭᠠᠨ ᠤ ᠶᠠᠪᠠᠭᠠᠨ ᠵᠡᠭᠡᠯᠢ ᠶᠢᠨ ᠡᠮᠦᠨ᠎ᠡ ᠲᠠᠯᠠᠪᠠᠶ ᠳᠤ ᠶᠠᠪᠤᠭᠳᠠᠪᠠ᠃ᠠᠷᠪᠠᠨ ᠲᠦᠮᠡᠨ ᠵᠤᠭᠠᠴᠠᠭᠴᠢ ᠠᠳᠡ ᠴᠤᠭᠯᠠᠷᠠᠵᠤ᠂ ᠠᠷᠪᠠᠨ ᠲᠦᠮᠡᠨ ︽ᠰᠤᠪᠤᠳ︾ ᠢ  ᠠᠮᠲᠠᠯᠠᠵᠤ᠂  ᠷᠣᠺ  ᠲᠠᠭᠤᠤ ᠬᠦᠭᠵᠢᠮ ᠤᠨ ᠷᠢᠲᠢ ᠰᠢᠲᠢ ᠶᠢ ᠰᠤᠨᠢᠷᠬᠠᠨ᠎ᠠ᠃      ᠦᠵᠡᠭᠴᠢ ᠠᠨᠠᠷ ᠄  ︽ᠤᠷᠠᠳ ᠤᠨ ᠬᠤᠶᠢᠳᠤ ᠬᠤᠰᠢᠭᠤᠨ ᠤ  ᠮᠠᠨ ᠤ ᠨᠤᠳᠤᠭ ᠤᠨ ᠲᠠᠭᠤᠤ ᠬᠦᠭᠵᠢᠮ ᠤᠨ ᠨᠠᠶᠢᠷ ᠨᠠᠭᠠᠳᠤᠮ ᠳᠤ ᠤᠷᠤᠯᠴᠠᠯ᠎ᠠ᠂ ᠲᠤᠬᠠᠢ ᠶᠢᠨ ᠲᠠᠯᠠᠪᠠᠢ ᠳᠤ ᠮᠤᠷᠢᠯᠠᠨ ᠰᠠᠭᠠᠳᠠᠭᠰᠠᠨ ᠤᠯᠠᠨ ᠰᠠᠶᠢᠠᠬᠨ ᠤᠷᠠᠯᠢᠭᠴᠢᠳ ᠤᠨ ᠠᠶ᠎ᠠ ᠲᠠᠭᠤᠤ ᠶᠢ ᠰᠤᠨᠤᠰᠴᠦ᠂  ᠤᠷᠤᠨ ᠨᠤᠳᠤᠭ ᠤᠨ ᠤᠨᠴᠠᠯᠢᠭ ᠲᠠᠢ  ᠤᠯᠠᠨ ᠵᠦᠢᠯ ᠤᠨ ᠰᠢᠷᠠᠯᠠᠭ᠎ᠠ ᠶᠢᠨ ᠢᠳᠡᠬᠡᠨ ᠢ ᠢᠳᠡᠵᠦ᠂ ᠡᠬᠦᠨ ᠠᠴᠠ ᠭᠠᠳᠠᠨ᠎ᠠ ᠪᠠᠰᠨ ᠲᠤᠮᠳᠠᠳᠤ ᠮᠤᠩᠭᠤᠯ ᠤᠷᠤᠰ ᠤᠨ ᠬᠤᠳᠠᠯᠳᠤᠭ᠎ᠠ  ᠮᠠᠶᠢᠮᠠᠢ ᠲᠤᠭᠤᠷᠢᠭᠰᠠᠨ᠂ ᠮᠠᠨ ᠤ ᠣᠷᠠᠳ ᠤᠨ  ᠬᠤᠶᠢᠳᠤ ᠬᠤᠰᠢᠭᠤ ᠰᠠᠶᠢᠬᠠᠨ ᠰᠠᠶᠢᠬᠠᠨ ᠬᠦᠳᠡᠯᠬᠡᠬᠡᠨ ᠦᠷᠨᠢᠬᠦᠯᠵᠦ ᠢᠷᠡᠵᠦ ᠦᠵᠡᠬᠡᠳ ᠮᠠᠰᠢ ᠰᠡᠳᠬᠢᠯ  ᠳᠣᠭᠳᠣᠯᠵᠤ ᠪᠠᠶᠢᠨ᠎ᠠ︾ ᠭᠡᠪᠡ᠃      ︽ᠰᠤᠪᠤᠳ︾ ᠢ ᠢᠳᠡᠬᠦ ᠲᠤᠬᠠᠢ ᠶᠢᠨ ᠲᠠᠯᠠᠪᠤᠷ ᠲᠤ᠂ ᠰᠢᠷᠠᠬᠤ᠂ ᠴᠢᠨᠠᠬᠤ᠂ ᠬᠠᠭᠤᠷᠬᠤ ᠵᠡᠷᠭᠡ ᠣᠯᠠᠨ ᠡᠰᠢᠲᠦ ᠬᠤᠭᠤᠯᠠ ᠬᠢᠬᠦ ᠠᠷᠭ᠎ᠠ ᠮᠠᠶ᠋ᠢᠭ ᠨᠢ ᠵᠢᠭᠤᠯᠴᠢᠯᠠᠭᠴᠢᠳ ᠲᠤ ᠠᠮᠲᠠᠲᠤ ︽ᠰᠤᠪᠤᠳ︾ ᠤᠨ ᠣᠯᠠᠨ ᠶᠠᠩᠵᠤᠲᠤ ᠴᠢᠨᠠᠷ ᠢ ᠭᠦᠢᠴᠡᠳ ᠣᠶᠢᠯᠠᠭᠠᠭᠤᠯᠤᠭᠰᠠᠨ ᠪᠠᠶᠢᠨ᠎ᠠ᠃ᠷᠣᠺ ᠳᠠᠭᠤᠤ ᠬᠥᠭᠵᠢᠮ ᠤᠨ ᠨᠠᠶᠢᠷ ᠤᠨ ᠲᠣᠭᠯᠠᠯᠲᠠ ᠨᠢ  ᠷᠣᠺ᠂ ᠠᠷᠠᠳ ᠤᠨ ᠳᠠᠭᠤᠤ ᠵᠡᠷᠭᠡ ᠠᠳᠠᠯᠢ ᠪᠤᠰᠤ ᠲᠥᠷᠥᠯ ᠤᠨ ᠳᠠᠭᠤᠤ ᠬᠥᠭᠵᠢᠮ ᠨᠢ ᠲᠤᠬᠠᠢ ᠶᠢᠨ ᠲᠠᠯᠠᠪᠠᠶ ᠶᠢᠨ ᠬᠥᠭᠵᠢᠮ ᠤᠨ ᠬᠤᠷᠤᠬᠠᠶᠢᠲᠠᠳ ᠤᠨ ᠤᠷᠮ᠎ᠠ ᠶᠢ ᠠᠭᠱᠠᠨ ᠵᠠᠭᠤᠷ᠎ᠠ ᠬᠥᠭᠵᠢᠭᠡᠪᠡ᠃      ︽ᠪᠠᠷᠠᠭᠤᠨᠰᠢ ᠵᠣᠷᠴᠢᠭᠰᠠᠨ ᠲᠡᠮᠳᠡᠭᠯᠡᠯ︾ ᠤᠨ ᠲᠤᠭᠯᠠᠯᠲᠡ ᠳᠤ ᠤᠯᠠᠨ ᠢᠶᠠᠷ ᠢᠶᠠᠨ ᠪᠠᠭ᠎ᠠ ᠶᠢᠨ ᠦᠶ᠎ᠡ ᠶᠢᠨ ᠡᠷᠭᠢᠴᠡᠭᠦᠯᠦᠯ ᠢᠶᠠᠷ ᠳᠦᠭᠦᠷᠡᠩ ᠪᠠᠶᠢᠯ᠎ᠠ᠃ ᠪᠠᠭᠰᠢ ᠱᠠᠪᠢ ᠳᠥᠷᠪᠡᠭᠦᠯᠡ ᠬᠥᠮᠥᠰ ᠤᠨ ᠳᠤᠮᠳᠠ ᠠᠴᠠ ᠲᠠᠶᠢᠰᠠᠨ ᠳᠤ ᠠᠭᠠᠵᠢᠮ ᠢᠶᠠᠷ ᠠᠯᠬᠤᠨ ᠭᠠᠷᠴᠤ᠂ ᠺᠢᠨᠣ᠋ ᠲᠧᠯᠸᠢᠰ ᠵᠦᠴᠦᠭᠡ ᠶᠢᠨ ᠠᠮᠢᠳᠤᠯᠢᠭ ᠲᠣᠳᠣ᠂ ᠥᠪᠡᠷᠮᠢᠴᠡ ᠣᠨᠴᠠᠯᠢᠭ ᠲᠠᠢ ᠬᠥᠮᠥᠨ ᠤ ᠳᠦᠷᠢ ᠶᠢ ᠲᠣᠭᠯᠠᠭᠴᠢᠳ ᠤᠨ ᠳᠠᠭᠤᠷᠢᠶᠠᠬᠤ ᠶᠢ ᠪᠦᠷᠢᠨ ᠲᠡᠭᠦᠯᠳᠡᠷ ᠪᠣᠯᠭᠠᠭᠰᠠᠨ ᠶᠤᠮ᠃      ᠮᠢᠷᠠᠯᠵᠠᠭᠰᠠᠨ ᠬᠤᠸᠠᠷ ᠴᠡᠴᠡᠭ ᠰᠥᠨᠢ ᠶᠢᠨ ᠣᠭᠲᠠᠷᠭᠤᠢ ᠳᠤ ᠳᠡᠯᠭᠡᠷᠡᠵᠦ᠂ ᠳᠦᠷᠡᠯᠵᠡᠨ ᠨᠣᠴᠣᠵᠤ ᠪᠠᠶᠢᠭ᠎ᠠ ᠲᠦᠳᠡᠭ ᠭᠠᠯ ᠬᠥᠮᠥᠰ ᠤᠨ ᠰᠡᠳᠬᠢᠯ ᠤᠨ ᠰᠠᠶᠢᠨ ᠰᠠᠶᠢᠬᠠᠨ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠭᠠᠷ ᠭᠠᠷ ᠢᠶᠠᠨ ᠬᠤᠯᠪᠣᠯᠴᠠᠨ ᠲᠦᠳᠡᠭ ᠭᠠᠯ ᠤᠨ ᠲᠣᠭᠤᠷᠢᠨ ᠳᠤ ᠳᠠᠭᠤᠯᠠᠨ ᠪᠥᠵᠢᠭᠯᠡᠵᠦ᠂ ᠪᠠᠶᠠᠷᠯᠠᠨ ᠬᠥᠭᠡᠷᠦᠯᠳᠦᠵᠦ᠂ ᠵᠤᠭᠠᠴᠠᠭᠰᠠᠳ ᠢ ᠪᠠᠶᠠᠷ ᠬᠦᠷ ᠲᠠᠢ ᠴᠠᠭ ᠮᠥᠴᠡ ᠶᠢ ᠡᠳ᠋ᠯᠡᠨ᠎ᠡ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ