ᠤᠷᠠᠳ ᠤᠨ ᠬᠤᠶᠢᠲᠤ ᠬᠤᠰᠢᠭᠤ ᠳᠤᠮᠳᠠᠳᠤ ᠤᠯᠤᠰ ᠤᠨ ᠬᠠᠮᠤᠭ ᠤᠨ ᠭᠤᠶᠤ ᠰᠢᠶᠠᠨ ᠤ ᠬᠤᠲᠠ ᠶᠢᠨ ᠢᠷᠠᠭᠤ ᠠᠯᠳᠠᠷ ᠢ ᠬᠦᠷᠲᠡᠭᠰᠡᠨ
ᠨᠡᠶᠢᠲᠡᠯᠡᠭᠰᠡᠨ ᠴᠠᠭ᠄
2023/5/26
      5 ᠰᠠᠷ᠎ᠠ ᠶᠢᠨ 19 ᠤ ᠡᠳᠦᠷ᠂ ᠭᠤᠷᠪᠠᠳᠤᠭᠠᠷ ᠬᠤᠭᠤᠴᠠᠭᠠᠨ ᠤ ︽ᠰᠢᠨ᠎ᠡ ᠴᠠᠭ ᠦᠶ᠎ᠡ · ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠬᠤᠲᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠣᠭᠤᠷᠢᠨ ᠦᠵᠡᠬᠦ ᠶᠣᠰᠣᠯᠠᠯ︾ ᠵᠢᠴᠢ 2023 ᠳᠤᠮᠳᠠᠳᠤ ᠤᠯᠤᠰ ︵ ᠲᠠᠢ ᠠᠨ︶ ᠤᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠶᠢ ᠡᠭᠦᠳᠬᠦ ᠬᠤᠷᠠᠯ ᠱᠠᠨᠳᠦ᠋ᠩ ᠤᠨ ᠲᠠᠢ ᠠᠨ ᠳᠤ ᠶᠠᠪᠤᠭᠳᠠᠪᠠ᠃ᠤᠷᠠᠳ ᠤᠨ ᠬᠤᠶᠢᠲᠤ ᠬᠤᠰᠢᠭᠤ ︽2023 ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ︱ ᠬᠠᠮᠤᠭ ᠤᠨ ᠭᠤᠶᠣ ᠰᠢᠶᠠᠨ ᠤ ᠬᠤᠲᠠ︾ ᠪᠠ ︽ᠳᠤᠮᠳᠠᠳᠤ ᠤᠯᠤᠰ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ ᠥᠯᠢᠭᠡᠷ ᠵᠢᠱᠢᠶ᠎ᠡ︾ ᠭᠡᠬᠦ ᠬᠤᠶᠠᠷ ᠢᠷᠠᠭᠤ ᠠᠯᠳᠠᠷ ᠢ ᠬᠦᠷᠲᠡᠪᠡ᠃      ︽2023 ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ︱ ᠬᠠᠮᠤᠭ ᠤᠨ ᠭᠤᠶᠣ ᠰᠢᠶᠠᠨ ᠤ ᠬᠤᠲᠠ︾ ᠪᠠ ︽ᠳᠤᠮᠳᠠᠳᠤ ᠤᠯᠤᠰ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ ᠥᠯᠢᠭᠡᠷ ᠵᠢᠱᠢᠶ᠎ᠡ︾ ᠪᠣᠯ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠰᠣᠨᠢᠨ ᠮᠡᠳᠡᠭᠡᠨ ᠤ ᠲᠥᠪ ︵ᠳᠤᠮᠳᠠᠳᠤ ᠤᠯᠤᠰ ᠤᠨ ᠰᠦᠯᠵᠢᠶ᠎ᠡ︶ ᠠᠴᠠ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨ᠎ᠡ ᠶᠢ ᠡᠭᠦᠳᠬᠦ ᠬᠤᠲᠠ ᠶᠢᠨ ᠵᠠᠰᠠᠯᠲᠠ ᠶᠢᠨ ᠬᠦᠷᠢᠶᠡᠨ ᠳᠤ ᠲᠣᠪᠣᠶᠢᠮ᠎ᠠ ᠦᠷ᠎ᠡ ᠪᠦᠲᠦᠮᠵᠢ  ᠶᠢᠨ ᠨᠡᠶᠢᠲᠡᠯᠢᠭ ᠬᠡᠷᠡᠭ ᠤᠨ ᠵᠢᠱᠢᠶ᠎ᠡ  ᠶᠢ ᠴᠤᠭᠯᠠᠭᠤᠯᠵᠤ᠂ ᠡᠯ᠎ᠡ ᠭᠠᠵᠠᠷ ᠤᠨ ᠬᠤᠲᠠ ᠶᠢᠨ ᠰᠢᠨ᠎ᠡ ᠶᠢ ᠡᠭᠦᠳᠬᠦ ᠵᠠᠰᠠᠯᠲᠠ ᠶᠢᠨ ᠠᠵᠢᠯ ᠤᠨ ᠳᠤᠮᠳᠠ ᠠᠪᠤᠭᠰᠠᠨ ᠲᠡᠷᠢᠭᠦᠨ ᠤ ᠠᠷᠭ᠎ᠠ ᠬᠡᠮᠵᠢᠶ᠎ᠡ ᠪᠣᠯᠣᠨ ᠣᠯᠣᠭᠰᠠᠨ ᠡᠷᠬᠢᠮ ᠨᠠᠨᠳᠢᠨ ᠲᠤᠷᠰᠢᠯᠭ᠎ᠠ ᠵᠢᠴᠢ ᠲᠣᠪᠣᠶᠢᠮ᠎ᠠ ᠦᠷ᠎ᠡ ᠪᠦᠲᠦᠮᠵᠢ ᠶᠢ ᠪᠦᠬᠦ ᠲᠠᠯ᠎ᠠ  ᠪᠠᠷ ᠳᠡᠯᠭᠡᠨ ᠦᠵᠡᠭᠦᠯᠬᠦ  ᠪᠤᠯᠤᠨ᠎ᠠ᠃ ︽ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠤᠯᠠᠮᠵᠢᠯᠠᠬᠤ︾ ᠪᠠᠷ ᠭᠤᠣᠯ ᠵᠣᠷᠢᠯᠲᠠ ᠪᠣᠯᠭᠠᠵᠤ᠂ ᠶᠡᠷᠦᠩᠬᠡᠶᠢᠯᠡᠨ ᠦᠨᠡᠯᠡᠬᠦ ᠲᠡᠰ ᠳᠠᠷᠠᠭᠠᠯᠠᠯ ᠢᠶᠠᠷ ᠳᠠᠮᠵᠢᠭᠤᠯᠵᠤ᠂ ᠨᠡᠶᠢᠭᠡᠮ ᠳᠤ ᠨᠢᠭᠡ ᠪᠦᠯᠦᠭ ︽ᠳᠤᠮᠳᠠᠳᠤ ᠤᠯᠤᠰ ᠤᠨ ᠰᠢᠨ᠎ᠡ ᠶᠢ ᠡᠭᠦᠳᠦᠭᠰᠡᠨ ᠬᠤᠳᠠ ᠶᠢᠨ ᠵᠠᠰᠠᠯᠲᠠ ᠶᠢᠨ ᠨᠡᠶᠢᠲᠡᠯᠢᠭ ᠵᠢᠱᠢᠶ᠎ᠡ︾ ᠶᠢ ᠨᠡᠶᠢᠲᠡᠯᠡᠵᠦ᠂ ︽ᠳᠤᠮᠳᠠᠳᠤ ᠤᠯᠤᠰ ᠤᠨ ᠵᠠᠰᠠᠯᠲᠠ︾ ᠶᠢᠨ ᠠᠬᠢᠴᠠ ᠳᠠᠬᠢ ᠰᠢᠨ᠎ᠡ ᠣᠶᠢᠯᠠᠭᠠᠭᠳᠠᠬᠤᠨ᠂ ᠰᠢᠨ᠎ᠡ ᠵᠠᠭᠪᠤᠷ᠂ ᠰᠢᠨ᠎ᠡ ᠲᠤᠷᠰᠢᠯᠭ᠎ᠠ ᠶᠢ ᠬᠤᠪᠢᠶᠠᠯᠴᠠᠵᠤ᠂ ᠰᠢᠨ᠎ᠡ ᠴᠠᠭ ᠦᠶ᠎ᠡ ᠶᠢᠨ ᠬᠤᠳᠠ ᠶᠢᠨ ᠬᠠᠮᠢᠶᠠᠷᠤᠯᠲᠠ ᠶᠢᠨ ᠰᠢᠨ᠎ᠡ ᠳᠦᠷᠢ ᠲᠥᠷᠬᠦ ᠶᠢ ᠪᠦᠬᠦ ᠲᠠᠯ᠎ᠠ ᠪᠠᠷ ᠳᠡᠯᠭᠡᠨ ᠦᠵᠡᠭᠦᠯᠦᠨ᠎ᠡ᠃   
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ