ᠤᠷᠠᠳ ᠤᠨ ᠲᠤᠮᠲᠠᠲᠤ ᠬᠤᠰᠢᠭᠤᠨ ᠤ ᠪᠦᠬᠦ ᠤᠷᠤᠨ ᠤ ᠠᠷᠪᠠᠳᠤᠭᠠᠷ ᠬᠤᠭᠤᠴᠠᠭᠠᠨ ᠤ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠠᠷᠪᠤᠭ᠎ᠠ ᠶᠢᠨ ᠪᠡᠯᠡᠳᠭᠡᠯ ᠤᠨ ᠰᠤᠩᠭᠤᠯᠲᠠ ᠤᠷᠤᠯᠳᠤᠭᠠᠨ ᠠᠮᠵᠢᠯᠲᠠ ᠲᠠᠢ ᠶᠠᠪᠤᠭᠲᠠᠯ᠎ᠠ
ᠨᠡᠶᠢᠲᠡᠯᠡᠭᠰᠡᠨ ᠴᠠᠭ᠄
2023/5/26
      ᠤᠶᠢᠷ᠎ᠠ ᠳᠤ ᠤᠷᠠᠳ ᠤᠨ ᠳᠤᠮᠳᠠᠳᠤ ᠬᠤᠰᠢᠭᠤᠨ ᠤ ᠷᠠᠳᠢᠤ᠋ ᠲᠧᠯᠸᠢᠰ ᠪᠡᠶ᠎ᠡ ᠶᠢᠨ ᠲᠠᠮᠢᠷ ᠤᠨ ᠲᠤᠪᠴᠢᠶᠠᠨ ᠠᠴᠠ ᠪᠦᠬᠦ ᠬᠤᠰᠢᠭᠤᠨ ᠤ ᠬᠡᠪᠴᠢᠶᠡᠨ ᠳᠠᠬᠢ ᠬᠠᠷᠪᠤᠭᠠᠨ ᠤ ᠲᠠᠮᠢᠷᠴᠢᠳ ᠢᠶᠠᠨ ᠵᠣᠬᠢᠶᠠᠨ ᠪᠠᠶᠢᠭᠤᠯᠵᠤ᠂ ᠪᠦᠬᠦ ᠤᠷᠤᠨ ᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠤᠷᠤᠯᠳᠤᠭᠠᠨ ᠳᠤ ᠪᠡᠯᠡᠳᠭᠡᠯ ᠬᠢᠬᠦ ᠶᠢᠨ ᠬᠠᠮᠲᠤ᠂ ᠰᠤᠩᠭᠤᠯᠲᠠ ᠤᠷᠤᠯᠳᠤᠭᠠᠨ ᠶᠠᠪᠤᠭᠳᠠᠭᠤᠯᠵᠤ ᠰᠢᠯᠢᠳᠡᠭ ᠲᠠᠮᠢᠷᠴᠢᠨ ᠢᠶᠠᠨ ᠰᠤᠩᠭᠤᠭᠰᠠᠨ ᠪᠠᠶᠢᠨ᠎ᠠ᠃      ᠮᠤᠩᠭᠤᠯ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠤᠷᠤᠯᠳᠤᠭᠠᠨ ᠤ ᠨᠢᠭᠡ ᠪᠣᠯᠬᠤ ︽ᠬᠠᠷᠪᠤᠭ᠎ᠠ ︾ ᠨᠢ ᠡᠷᠲᠡ ᠳᠡᠭᠡᠳᠦ ᠠᠴᠠ ᠤᠯᠠᠮᠵᠢᠯᠠᠭᠳᠠᠵᠤ ᠢᠷᠡᠭᠰᠡᠨ ᠢᠳᠡ ᠬᠦᠴᠦ᠂ ᠡᠷᠴᠢ ᠵᠣᠷᠢᠭ᠂ ᠤᠬᠠᠭᠠᠨ ᠰᠠᠮᠪᠠᠭ᠎ᠠ᠂ ᠠᠮᠢᠳᠣᠷᠠᠯ ᠠᠬᠤᠢ᠂ ᠲᠡᠦᠬᠡ ᠰᠤᠶᠤᠯ ᠢ ᠬᠠᠷᠠᠭᠤᠯᠤᠭᠰᠠᠨ ᠪᠡᠶ᠎ᠡ ᠲᠠᠮᠢᠷ ᠤᠨ ᠠᠵᠢᠯᠯᠠᠭᠠᠨ ᠤ ᠨᠢᠭᠡ ᠨᠢ ᠪᠣᠯᠬᠤ ᠶᠤᠮ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠤᠭᠴᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠪᠠᠳᠤᠳᠬᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠡ᠂ ᠰᠤᠶᠤᠯ ᠠᠮᠢᠳᠤᠷᠠᠯ ᠤᠨ ᠤᠶᠢᠯᠭᠠᠯᠴᠠᠯ ᠢ ᠠᠬᠢᠭᠤᠯᠤᠨ᠂ ᠦᠨᠳᠦᠰᠦᠲᠡᠨ ᠤ ᠰᠤᠶᠤᠯ ᠪᠡᠶ᠎ᠡ ᠲᠠᠮᠢᠷ᠂ ᠳᠤᠮᠳᠠᠳᠤ ᠶᠢᠨ ᠰᠢᠯᠢᠳᠡᠭ ᠰᠤᠶᠤᠯ ᠪᠡᠶ᠎ᠡ ᠲᠠᠮᠢᠷ ᠢ ᠤᠯᠠᠮᠵᠢᠯᠠᠨ ᠵᠠᠯᠭᠠᠮᠵᠢᠯᠠᠵᠤ᠂ ᠳᠤᠯᠤᠭᠠᠨ ᠰᠠᠷ᠎ᠠ ᠳᠤ ᠶᠠᠪᠤᠭᠳᠠᠬᠤ ᠭᠡᠵᠤ ᠪᠠᠶᠢᠭ᠎ᠠ ᠪᠦᠬᠦ ᠤᠷᠤᠨ ᠤ ᠬᠡᠪᠴᠢᠶᠡᠨ ᠳᠠᠬᠢ ᠠᠷᠪᠠᠳᠤᠭᠠᠷ ᠬᠤᠭᠤᠴᠠᠭᠠᠨ ᠤ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠠᠷᠪᠤᠭ᠎ᠠ ᠶᠢᠨ ᠤᠷᠤᠯᠳᠤᠭᠠᠨ ᠳᠤ ᠰᠢᠯᠢᠳᠡᠭ ᠲᠠᠮᠢᠷᠴᠢᠨ ᠢᠶᠠᠨ ᠰᠤᠩᠭᠤᠨ ᠲᠤᠮᠢᠯᠠᠬᠤ᠂ ᠮᠥᠨᠴᠤ 5 ᠰᠠᠷ᠎ᠠ ᠶᠢᠨ 22 ᠳᠤ ᠶᠠᠪᠤᠭᠳᠠᠬᠤ ᠭᠡᠵᠤ ᠪᠠᠶᠢᠭ᠎ᠠ ᠪᠠᠶᠠᠨᠨᠠᠭᠤᠷ ᠬᠤᠲᠠ ᠶᠢᠨ ᠬᠡᠪᠴᠢᠶᠡᠨ ᠤ ᠬᠠᠷᠪᠤᠭ᠎ᠠ ᠶᠢᠨ ᠰᠤᠩᠭᠤᠯᠲᠠ ᠶᠢᠨ ᠤᠷᠤᠯᠲᠤᠭᠠᠨ ᠳᠤ ᠰᠢᠯᠢᠳᠡᠭ ᠪᠦᠲᠦᠮᠵᠢ ᠤᠯᠬᠤ ᠡᠭᠦᠳᠡᠨ ᠠᠴᠠ᠂ ᠤᠷᠠᠳ ᠤᠨ ᠳᠤᠮᠳᠠᠳᠤ ᠬᠤᠰᠢᠭᠤᠨ ᠤ ᠷᠠᠳᠢᠤ᠋ ᠲᠧᠯᠸᠢᠰ ᠪᠡᠶ᠎ᠡ ᠲᠠᠮᠢᠷ ᠤᠨ ᠲᠤᠪᠴᠢᠶᠠᠨ ᠠᠴᠠ ᠪᠦᠬᠦ ᠬᠤᠰᠢᠭᠤᠨ ᠤ ᠬᠡᠪᠴᠢᠶᠡᠨ ᠳᠠᠬᠢ ᠬᠠᠷᠪᠤᠭᠠᠴᠢᠳ ᠢᠶᠠᠨ ᠵᠤᠬᠢᠶᠠᠨ ᠪᠠᠶᠢᠭᠤᠯᠵᠤ᠂ ᠬᠤᠶᠠᠷ ᠡᠳᠦᠷ ᠤᠨ ᠴᠠᠭ ᠵᠠᠷᠤᠴᠠᠭᠤᠯᠤᠨ ᠪᠡᠯᠡᠳᠭᠡᠯ ᠰᠤᠩᠭᠤᠯᠲᠠ ᠤᠷᠤᠯᠳᠤᠭᠠᠨ ᠢ ᠶᠠᠪᠤᠭᠳᠠᠭᠤᠯᠤᠭᠰᠠᠨ ᠪᠠᠶᠢᠨ᠎ᠠ᠃      ᠤᠷᠠᠳ ᠤᠨ ᠳᠤᠮᠳᠠᠳᠤ ᠬᠤᠰᠢᠭᠤᠨ ᠤ ᠷᠠᠳᠢᠤ᠋ ᠲᠧᠯᠸᠢᠰ ᠪᠡᠶ᠎ᠡ ᠶᠢᠨ ᠲᠠᠮᠢᠷ ᠤᠨ ᠲᠤᠪᠴᠢᠶᠠᠨ ᠤ ᠺᠠᠳ᠋ᠷ ᠺᠥᠩ ᠲᠤᠶᠠᠭ᠎ᠠ᠄ ︽ᠣᠳᠤ ᠲᠠᠯᠠᠪᠠᠢ ᠳᠡᠭᠡᠷ᠎ᠡ ᠶᠠᠪᠤᠭᠳᠠᠵᠤ ᠪᠠᠶᠢᠭ᠎ᠠ ᠪᠣᠯ᠂ ᠦᠪᠦᠷ ᠮᠤᠩᠭᠤᠯ ᠤᠨ ᠠᠷᠪᠠᠳᠤᠭᠠᠷ ᠬᠤᠭᠤᠴᠠᠭᠠᠨ ᠤ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠬᠤ ᠨᠤᠮᠤ ᠰᠤᠮᠤ ᠶᠢᠨ ᠰᠤᠷᠢᠶ᠎ᠠ ᠪᠤᠯᠪᠠᠰᠤᠷᠠᠯ ᠪᠤᠯᠤᠨ᠎ᠠ᠃ ᠲᠤᠰ ᠤᠳᠠᠭᠠᠨ ᠤ ᠰᠢᠭᠰᠢᠯᠲᠡ ᠤᠷᠤᠯᠳᠤᠭᠠᠨ ᠢᠶᠠᠷ ᠳᠠᠮᠵᠢᠭᠠᠳ ᠪᠠᠶᠠᠨᠨᠠᠭᠤᠷ ᠢ ᠲᠦᠯᠦᠭᠡᠯᠡᠵᠤ᠂ ᠠᠷᠪᠠᠳᠤᠭᠠᠷ ᠬᠤᠭᠤᠴᠠᠭᠠᠨ ᠤ ᠦᠪᠦᠷ ᠮᠤᠩᠭᠤᠯ ᠤᠨ  ᠤᠷᠤᠯᠳᠤᠭᠠᠨ ᠳᠤ ᠤᠷᠤᠯᠴᠠᠨ᠎ᠠ᠃ ᠡᠨᠡ ᠲᠤᠲᠤᠷ᠎ᠠ ᠠᠴᠠ ᠰᠢᠯᠭᠠᠷᠠᠭᠰᠠᠨ ᠲᠠᠮᠢᠷᠴᠢᠳ᠂ ᠬᠤᠶᠢᠲᠤ ᠬᠤᠰᠢᠭᠤᠨ ᠤ ᠲᠠᠮᠢᠷᠴᠢᠳ ᠲᠠᠢ ᠬᠠᠮᠲᠤ  ᠪᠠᠰᠠ ᠨᠢᠭᠡ ᠤᠳᠠᠭᠠᠨ ᠤ ᠰᠢᠯᠭᠠᠷᠠᠭᠤᠯᠬᠤ ᠤᠷᠤᠯᠳᠤᠭᠠᠨ ᠬᠢᠬᠦ  ᠪᠤᠯᠤᠨ᠎ᠠ᠃ ᠮᠠᠨ ᠤ ᠡᠨᠡ ᠳᠤ ᠢᠷᠡᠵᠤ ᠤᠷᠤᠯᠳᠤᠵᠤ ᠪᠠᠶᠢᠭ᠎ᠠ ᠨᠢ ᠪᠦᠷ ᠤᠷᠠᠳ ᠤᠨ ᠳᠤᠮᠳᠠᠳᠤ ᠬᠤᠰᠢᠭᠤᠨ ᠤ ᠲᠠᠮᠢᠷᠴᠢᠳ᠂ ᠮᠠᠨ ᠤ ᠤᠷᠠᠳ ᠤᠨ ᠳᠤᠮᠳᠠᠳᠤ ᠬᠤᠰᠢᠭᠤ ᠦᠪᠡᠷ ᠤᠨ ᠢᠶᠠᠨ ᠰᠢᠯᠭᠠᠷᠠᠭᠤᠯᠬᠤ ᠤᠷᠤᠯᠳᠤᠭᠠᠨ ᠢ ᠶᠠᠪᠤᠭᠳᠠᠭᠤᠯᠵᠤ ᠪᠠᠶᠢᠨ᠎ᠠ︾ ᠭᠡᠵᠡᠢ᠃      ᠲᠤᠰ ᠤᠳᠠᠭᠠᠨ ᠤ ᠰᠤᠩᠭᠤᠯᠲᠠ ᠤᠷᠤᠯᠳᠤᠭᠠᠨ ᠳᠤ ᠤᠷᠠᠳ ᠤᠨ ᠳᠤᠮᠳᠠᠳᠤ ᠬᠤᠰᠢᠭᠤᠨ ᠤ ︽ᠬᠠᠰᠠᠷ︾ ᠬᠠᠷᠪᠤᠭ᠎ᠠ ᠨᠡᠶᠢᠭᠡᠮᠯᠢᠭ ᠤᠨ ᠲᠠᠮᠢᠷᠴᠢᠳ᠂ ︽ᠠᠪᠢᠶᠠᠰᠤᠯᠢᠭ︾ ᠬᠠᠷᠪᠤᠭ᠎ᠠ ᠨᠡᠶᠢᠭᠡᠮᠯᠢᠭ ᠤᠨ ᠲᠠᠮᠢᠷᠴᠢᠳ ᠵᠢᠴᠢ ᠪᠤᠰᠤᠳ ᠲᠠᠮᠢᠷᠴᠢᠳ ᠨᠡᠶᠢᠳᠠ ᠭᠤᠴᠢ ᠭᠠᠷᠤᠢ ᠬᠠᠷᠪᠤᠭᠠᠴᠢᠳ ᠣᠷᠤᠯᠴᠠᠵᠤ᠂ ᠤᠷᠤᠯᠳᠤᠭᠠᠨ ᠤ ᠳ᠋ᠦᠩ ᠳᠤ ᠰᠠᠷᠠᠨ ᠫᠠᠢ ᠶᠢᠨ ᠡᠷᠡᠭᠲᠡᠢ ᠶᠢᠨ 30 ᠮᠧᠲᠷ᠂ 40 ᠮᠧᠲᠷ ᠤᠨ ᠤᠷᠤᠯᠳᠤᠭᠠᠨ ᠳᠤ ᠴᠤᠭᠮᠠᠳᠠ᠂ ᠲᠡᠭᠦᠰ᠂ ᠰᠦᠷᠲᠦ᠂ ᠡᠮᠡᠭᠲᠡᠢ ᠶᠢᠨ 20 ᠮᠧᠲᠷ᠂ 30 ᠮᠧᠲᠷ ᠤᠨ ᠤᠷᠤᠯᠳᠤᠭᠠᠨ ᠳᠤ ᠰᠡᠴᠡᠨᠲᠤᠶᠠᠭ᠎ᠠ᠂ ᠰᠤᠶᠤᠯᠴᠡᠴᠡᠭ᠂ ᠳᠠᠯᠠᠨᠬᠤᠸᠠᠷ᠂ ᠪᠥᠯᠥᠩ ᠬᠠᠷᠪᠤᠭᠠᠨ ᠳᠤ ᠡᠷᠡᠭᠲᠡᠢ ᠶᠢᠨ 30 ᠮᠧᠲᠷ᠂ 45 ᠮᠧᠲᠷ ᠤᠨ ᠤᠷᠤᠯᠳᠤᠭᠠᠨ ᠳᠤ ᠰᠡᠴᠡᠨᠵᠠᠶᠠᠭ᠎ᠠ᠂ ᠣᠳᠬᠠᠨ᠂ ᠠᠯᠲᠠᠨᠪᠠᠭᠠᠨ᠎ᠠ ᠂ ᠡᠮᠡᠭᠲᠡᠢ ᠶᠢᠨ 20 ᠮᠧᠲᠷ᠂ 45 ᠮᠧᠲᠷ  ᠤᠨ ᠤᠷᠤᠯᠳᠤᠭᠠᠨ ᠳᠤ  ᠭᠤᠸ᠎ᠠ ᠂ ᠣᠳᠣᠨᠬᠤᠸᠠᠷ᠂ ᠰᠠᠷᠠᠨᠴᠡᠴᠡᠭ  ᠵᠡᠷᠭᠡ ᠲᠠᠮᠢᠷᠴᠢᠳ ᠪᠠᠶᠠᠨᠨᠠᠭᠤᠷ ᠬᠤᠲᠠ ᠶᠢᠨ ᠬᠡᠪᠴᠢᠶᠡᠨ ᠤ ᠬᠠᠷᠪᠤᠭ᠎ᠠ ᠶᠢᠨ ᠪᠡᠯᠡᠳᠭᠡᠯ ᠰᠤᠩᠭᠤᠯᠲᠠ ᠤᠷᠤᠯᠳᠤᠭᠠᠨ ᠳᠤ ᠤᠷᠤᠯᠴᠠᠬᠤ ᠡᠷᠬᠡ ᠪᠠᠨ ᠤᠯᠤᠭᠰᠠᠨ ᠪᠠᠶᠢᠨ᠎ᠠ ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ