ᠰᠤᠷᠤᠭᠴᠢᠳ ᠢ ᠰᠤᠶᠤᠯ ᠢᠶᠠᠷ ᠰᠢᠮᠡᠵᠢᠭᠦᠯᠦᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2023/5/26
      ᠦᠶᠤᠸᠠᠨ ᠰᠢᠶᠠᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠰᠤᠷᠭᠠᠨ ᠬᠦᠮᠦᠵᠢᠯ ᠰᠤᠷᠭᠠᠭᠤᠯᠢ ᠶᠢᠨ ᠬᠦᠷᠢᠶᠡᠨ ᠳᠤ ᠣᠷᠤᠬᠤ᠂ ᠬᠢᠴᠢᠶᠡᠯ ᠤᠨ ᠲᠢᠩᠬᠢᠮ ᠳᠤ ᠣᠷᠤᠬᠤ ᠠᠵᠢᠯ ᠢ ᠪᠠᠲᠤᠲᠠᠢ ᠲᠦᠯᠬᠢᠨ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠭᠰᠢ ᠰᠤᠷᠤᠭᠴᠢᠳ ᠤᠨ ᠰᠡᠳᠬᠢᠯ ᠳᠤ ᠬᠠᠳᠠᠩᠰᠢᠭᠤᠯᠵᠤ ᠪᠠᠶᠢᠨ᠎ᠠ ᠃      ᠰᠤᠷᠪᠤᠯᠵᠢᠯᠠᠭᠴᠢ ᠦᠶᠤᠸᠠᠨ ᠰᠢᠶᠠᠨ ᠤ ᠮᠤᠩᠭᠤᠯ ᠦᠨᠳᠦᠰᠦᠲᠡᠨ ᠤ ᠰᠤᠷᠭᠠᠭᠤᠯᠢ ᠳᠤ ᠬᠦᠷᠬᠦ ᠳᠤ᠂ ᠨᠢᠭᠡᠨ ᠠᠩᠭᠢ ᠶᠢᠨ ᠬᠢᠴᠢᠶᠡᠯ ᠤᠨ ᠲᠠᠩᠬᠢᠮ ᠳᠤ ᠪᠠᠭᠰᠢ ᠠᠴᠠ ᠶᠠᠭ ᠠᠨᠠᠷ ᠢᠶᠠᠷ ᠳᠤᠮᠳᠠᠳᠤ ᠶᠢᠨ ᠦᠨᠳᠦᠰᠦᠲᠡᠨ ᠤ56 ᠦᠨᠳᠦᠰᠦᠲᠡᠨ ᠢ ᠵᠤᠶᠢᠷᠯᠡᠨ᠂ ᠰᠤᠷᠤᠭᠴᠢᠳ ᠲᠤ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠬᠦᠮᠦᠵᠢᠭᠦᠯᠦᠨ᠎ᠡ᠃ ᠦᠶᠤᠸᠠᠨ ᠰᠢᠶᠠᠨ ᠤ ᠮᠤᠩᠭᠤᠯ ᠰᠤᠷᠭᠠᠭᠤᠯᠢ ᠨᠢ ᠤᠨᠴᠠᠯᠢᠭᠲᠤ ᠠᠩᠭᠢ ᠶᠢᠨ ᠬᠤᠷᠠᠯ᠂ ᠭᠤᠤᠯ  ᠰᠡᠳᠦᠪᠲᠦ ᠤᠬᠠᠭᠤᠯᠭ᠎ᠠ᠂ ᠠᠩᠭᠢ  ᠶᠢᠨ ᠰᠠᠮᠪᠠᠷ᠎ᠠ ᠪᠠ ᠷᠠᠳᠢᠤ᠋ ᠤᠬᠠᠭᠤᠯᠭ᠎ᠠ ᠪᠠᠷ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠦᠵᠡᠯ ᠢ ᠴᠢᠩᠭᠠᠳᠬᠠᠨ  ︽ᠶᠤᠰᠤ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠬᠦᠳᠡᠯᠮᠦᠷᠢ ᠪᠦᠬᠦ ᠲᠠᠯ᠎ᠠ ᠪᠠᠷ ᠬᠦᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ︾ ᠶᠢ ᠴᠢᠷᠮᠠᠶᠢᠨ ᠬᠦᠮᠦᠵᠢᠭᠦᠯᠵᠦ ᠪᠠᠶᠢᠨ᠎ᠠ᠃      ᠦᠶᠤᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠨᠢ ᠦᠨᠳᠦᠰᠦᠲᠡᠨ ᠤ ᠰᠤᠶᠤᠯ ᠢ ᠰᠤᠷᠭᠠᠨ ᠬᠦᠮᠦᠵᠢᠯ ᠳᠤ ᠠᠭᠤᠰᠬᠠᠨ᠂ ᠠᠩᠭᠢ ᠶᠢᠨ ᠰᠠᠮᠪᠠᠷ᠎ᠠ ᠭᠠᠷᠭᠠᠬᠤ᠂ ᠭᠠᠷ ᠰᠤᠨᠢᠨ ᠵᠤᠬᠢᠶᠠᠬᠤ ᠪᠠ ᠤᠯᠤᠰ ᠢᠶᠠᠨ ᠬᠠᠶᠢᠷᠠᠯᠠᠬᠤ ᠦᠵᠡᠯ ᠪᠠ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠰᠤᠷᠭᠠᠨ ᠬᠦᠮᠦᠵᠢᠯ ᠤᠨ ᠬᠦᠳᠡᠯᠭᠡᠭᠡᠨ ᠢ ᠦᠷᠨᠢᠭᠦᠯᠬᠦ ᠪᠠᠷ ᠲᠠᠮᠵᠢᠨ ᠰᠤᠷᠤᠭᠴᠢᠳ ᠲᠤ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠤᠶᠤᠯ ᠢ ᠤᠯᠠᠮᠵᠢᠯᠠᠵᠤ ᠪᠠᠶᠢᠨ᠎ᠠ᠃      ᠦᠶᠤᠸᠠᠨ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠶᠢ ᠰᠤᠷᠭᠠᠨ ᠬᠦᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠤᠨ ᠵᠢᠯ ᠪᠦᠷᠢ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠬᠢᠭᠤᠯᠤᠭᠰᠠᠨ ᠵᠢᠱᠢᠶᠡᠴᠢ ᠰᠤᠷᠭᠠᠭᠤᠯᠢ ᠨᠤᠭᠤᠳ ᠢ ᠰᠤᠩᠭᠤᠨ ᠰᠢᠯᠭᠠᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠲᠤᠯᠤᠭᠠᠶᠢᠯᠠᠬᠤ ᠦᠢᠯᠡᠳᠦᠯ ᠢ ᠪᠠᠳᠠᠷᠠᠭᠤᠯᠵᠤ ᠪᠠᠶᠢᠨ᠎ᠠ᠃ ᠤᠳᠤᠬᠠᠨ ᠳᠤ᠂ ᠪᠦᠬᠦ ᠰᠢᠶᠠᠨ ᠳᠤ ᠬᠤᠲᠠ ᠶᠢᠨ ᠳᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶᠡᠴᠢ ᠰᠤᠷᠭᠠᠭᠤᠯᠢ 11 ᠪᠠᠶᠢᠵᠤ᠂ ᠰᠢᠶᠠᠨ ᠤ ᠳᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶᠡᠴᠢ ᠰᠤᠷᠭᠠᠭᠤᠯᠢ 12 ᠪᠠᠶᠢᠨ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ