ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 5 | ᠰᠠᠷ᠎ᠠ ᠶᠢᠨ 23 ᠤ ᠦᠳᠡ ᠶᠢᠨ ᠬᠤᠶᠢᠨ᠎ᠠ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ | ᠬᠤᠷᠠᠯᠳᠤᠭᠤᠯᠪᠠ᠃ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ᠂ ᠬᠢᠨᠠᠨ ᠪᠤᠳᠤᠬᠤ ᠠᠵᠢᠯ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠂ ᠠᠵᠤ ᠠᠬᠤᠢ ᠳᠤ | ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠲᠦᠷᠦᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ | ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠳᠤᠮᠳᠠᠬᠢ ᠬᠢᠨᠠᠨ ᠪᠤᠳᠤᠬᠤ ᠠᠵᠢᠯ ᠤᠨ ᠥᠪᠡᠷᠮᠢᠴᠡ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ | ᠰᠢᠨ᠎ᠡ ᠨᠢᠭᠡ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠵᠢᠯ ᠢ ᠰᠠᠶᠢᠲᠤᠷ ᠬᠢᠬᠦ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ | ᠲᠠᠯ᠎ᠠ ᠪᠠᠷ ᠲᠤᠭᠤᠰᠢᠯᠠᠭᠤᠯᠵᠤ᠂ ᠪᠦᠭᠦ ᠲᠠᠯ᠎ᠠ ᠶᠢᠨ ᠴᠢᠨᠠᠷᠲᠠᠢ᠂ ᠠᠯᠤᠰ ᠭᠡᠳᠦ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠬᠦᠷᠢᠶᠡᠨ ᠳᠠᠬᠢ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠦᠵᠦ ᠲᠥᠯᠥᠪᠯᠡᠭᠡ ᠶᠢ | ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠬᠦᠴᠦᠲᠡᠢ ᠪᠦᠲᠦᠮᠵᠢᠲᠡᠢ | ᠬᠢᠨᠠᠨ ᠪᠤᠳᠤᠬᠤ ᠬᠢᠨᠠᠯᠲᠠ ᠪᠠᠷ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠳᠡᠳ᠋ ᠡᠷᠭᠢᠯᠡᠭᠴᠢ ᠯᠢ | ᠰᠢ ᠬᠤᠷᠠᠯ ᠳᠤ ᠣᠷᠣᠯᠴᠠᠵᠠᠢ᠃ | ᠬᠤᠷᠠᠯ ᠠᠴᠠ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠯᠪᠠᠨ ᠭᠡᠷ ᠤᠨ 2022 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ | ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠲᠤᠬᠠᠢ ᠬᠢᠨᠠᠨ ᠪᠤᠳᠤᠬᠰᠠᠨ ᠮᠡᠳᠡᠭᠦᠯᠦᠯᠲᠡ ᠶᠢᠨ ᠬᠠᠷᠢᠭᠤ ᠮᠡᠳᠡᠭᠦᠯᠦᠯᠲᠡ ᠵᠢᠴᠢ ᠰᠢᠨ᠎ᠡ ᠴᠠᠭ ᠦᠶ᠎ᠡ ᠶᠢᠨ ᠬᠢᠨᠠᠨ | ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠤᠨ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ᠃ | ᠬᠤᠷᠠᠯ ᠠᠴᠠ᠂ ᠬᠢᠨᠠᠨ ᠪᠤᠳᠤᠬᠤ ᠪᠣᠯ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠬᠦᠴᠦᠨ ᠮᠥᠨ᠃ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠥᠪ ᠤᠨ ᠬᠢᠨᠠᠨ ᠪᠤᠳᠤᠬᠤ ᠬᠤᠷᠢᠶ᠎ᠠ | ᠬᠢᠨᠠᠨ ᠪᠤᠳᠤᠬᠤ ᠪᠠᠶᠢᠭᠤᠯᠤᠮᠵᠢ ᠶᠢᠨ ᠰᠢᠰᠲ᠋ᠧᠮᠲᠦ ᠴᠢᠨᠠᠷᠲᠠᠢ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ | ᠤᠯᠤᠰ ᠤᠨ ᠪᠠᠶᠢᠳᠠᠯ ᠳᠤ ᠨᠡᠶᠢᠴᠡᠭᠰᠡᠨ ᠬᠢᠨᠠᠨ ᠪᠤᠳᠤᠬᠤ ᠰᠢᠨ᠎ᠡ ᠵᠠᠮ ᠢ ᠨᠡᠭᠡᠭᠡᠵᠦ᠂ ᠬᠢᠨᠠᠨ ᠪᠤᠳᠤᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ | ᠲᠡᠦᠬᠡᠲᠦ ᠴᠢᠨᠠᠷᠲᠠᠢ ᠬᠤᠪᠢᠰᠤᠯᠲᠠ ᠭᠠᠷᠪᠠ᠃ ᠨᠢᠭᠡ ᠳᠤ᠂ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ | ᠬᠢᠨᠠᠨ ᠪᠤᠳᠤᠬᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠲᠠᠰᠤᠷᠠᠯᠲᠠ ᠦᠭᠡᠢ ᠨᠠᠷᠢᠯᠢᠭᠵᠢᠭᠤᠯᠤᠨ | ᠪᠣᠳᠠᠲᠠᠶᠢᠵᠢᠭᠤᠯᠵᠤ ᠳᠦᠷᠢᠮᠵᠢᠭᠦᠯᠪᠡ᠃ ᠬᠤᠶᠠᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠢᠨᠠᠨ ᠪᠤᠳᠤᠬᠤ ᠦᠢᠯᠡᠰ ᠤᠨ ᠵᠢᠮ᠎ᠡ | ᠶᠣᠰᠣᠴᠢ ᠴᠢᠨᠠᠷ ᠤᠨ ᠲᠤᠬᠠᠢ ᠲᠠᠨᠢᠯᠲᠠ ᠲᠠᠰᠤᠷᠠᠯᠳᠠ ᠦᠭᠡᠢ ᠭᠦᠨᠵᠡᠭᠡᠶᠢᠷᠡᠪᠡ᠃ ᠭᠤᠷᠪᠠ ᠳᠤ᠂ ᠨᠠᠮ ᠪᠠ ᠤᠯᠤᠰ ᠤᠨ ᠶᠡᠭᠡ ᠲᠠᠯ᠎ᠠ ᠳᠤ ᠬᠢᠨᠠᠨ ᠪᠣᠳᠣᠯᠲᠠ ᠬᠢᠵᠦ | ᠦᠢᠯᠡᠴᠢᠯᠡᠬᠦ ᠰᠠᠨᠠᠭᠠᠴᠢᠯᠠᠭᠠᠲᠤ ᠴᠢᠨᠠᠷ ᠨᠢ ᠨᠠᠩ ᠴᠢᠩᠭ᠎ᠠ᠂ ᠵᠣᠬᠢᠴᠠᠬᠤ ᠴᠢᠨᠠᠷ ᠨᠢ ᠨᠠᠩ ᠥᠨᠳᠥᠷ ᠪᠣᠯᠵᠤ᠂ ᠥᠪᠡᠷᠮᠢᠴᠡ ᠬᠢᠨᠠᠯᠲᠠ ᠲᠠᠯᠪᠢᠬᠤ ᠦᠢᠯᠡᠳᠦᠯ ᠨᠢ ᠨᠠᠩ | ᠢᠯᠡᠷᠬᠡᠢ ᠪᠣᠯᠪᠠ᠃ ᠳᠥᠷᠪᠡ ᠳᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠡᠷᠦᠩᠬᠡᠢ ᠪᠠᠶᠢᠷᠢᠰᠢᠯ ᠠᠩᠬ᠎ᠠ ᠠᠯᠬᠤᠮ ᠪᠦᠷᠢᠯᠳᠦᠵᠦ᠂ ᠬᠢᠨᠠᠨ ᠪᠤᠳᠤᠬᠰᠠᠨ | ᠦᠷ᠎ᠡ ᠳ᠋ᠦᠩ ᠤᠨ ᠬᠡᠷᠡᠭᠯᠡᠯᠲᠡ ᠨᠡᠪᠲᠡᠷᠡᠯᠴᠡᠭᠡ ᠬᠠᠮᠵᠢᠯᠴᠠᠭ᠎ᠠ ᠨᠠᠩ ᠤᠷᠤᠭᠰᠢᠲᠠᠢ᠂ ᠡᠷᠬᠡ ᠰᠦᠷᠲᠦ᠂ ᠥᠨᠳᠥᠷ ᠪᠦᠲᠦᠮᠵᠢᠲᠡᠶ ᠪᠣᠯᠵᠠᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠶᠢᠨ ᠶᠡᠷᠦᠩᠬᠡᠢ ᠱᠠᠭᠠᠷᠳᠠᠯᠭ᠎ᠠ ᠪᠣᠯ ᠲᠥᠪᠯᠡᠷᠡᠩᠭᠦᠢ | ᠨᠢᠭᠡᠳᠦᠯᠲᠡᠢ᠂ ᠪᠦᠭᠦ ᠲᠠᠯ᠎ᠠ ᠶᠢ ᠬᠠᠮᠤᠷᠤᠭᠰᠠᠨ᠂ ᠡᠷᠬᠡ ᠰᠦᠷᠲᠦ ᠥᠨᠳᠥᠷ ᠪᠦᠲᠦᠮᠵᠢᠲᠡᠢ ᠬᠢᠨᠠᠨ ᠪᠤᠳᠤᠬᠤ ᠬᠢᠨᠠᠯᠲᠠ ᠶᠢᠨ ᠰᠢᠰᠲ᠋ᠧᠮ ᠢ ᠪᠠᠶᠢᠭᠤᠯᠵᠤ᠂ ᠬᠢᠨᠠᠨ | ᠪᠤᠳᠤᠬᠤ ᠬᠢᠨᠠᠯᠲᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠶᠠᠪᠤᠳᠠᠯ ᠪᠣᠯᠣᠨ᠎ᠠ᠃ | ᠵᠣᠷᠢᠭᠰᠠᠨ ᠢᠶᠠᠷ ᠢᠶᠠᠨ ᠵᠢᠯᠤᠭᠤᠳᠴᠤ᠂ ᠬᠢᠨᠠᠨ ᠪᠣᠳᠣᠯᠲᠠ ᠶᠢᠨ ᠤᠯᠤᠰ ᠲᠦᠷᠦ ᠶᠢᠨ ᠰᠢᠨᠵᠢ ᠴᠢᠨᠠᠷ ᠪᠣᠯᠣᠨ ᠤᠯᠤᠰ ᠲᠦᠷᠦ ᠶᠢᠨ ᠴᠢᠳᠠᠮᠵᠢ ᠶᠢ ᠴᠢᠩᠭᠠᠳᠬᠠᠵᠤ᠂ | ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠳᠡᠵᠦ᠂ ᠲᠤᠭᠤᠷᠠᠲᠠᠯ᠎ᠠ ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | ᠰᠡᠭᠦᠳᠡᠷ ᠮᠡᠲᠦ ᠲᠠᠭᠠᠵᠤ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ | ᠬᠠᠮᠢᠶᠠᠷᠴᠤ ᠬᠡᠷᠡᠭᠯᠡᠬᠦ ᠪᠤᠢ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨᠠᠨ ᠪᠤᠳᠤᠬᠤ ᠬᠢᠨᠠᠯᠲᠠ ᠲᠠᠯᠪᠢᠬᠤ ᠡᠷᠬᠡ ᠶᠢ ᠨᠢᠭᠡ ᠶᠢ ᠴᠦ | ᠣᠷᠬᠢᠭᠳᠠᠭᠤᠯᠬᠤ ᠦᠭᠡᠢ ᠨᠢᠭᠡ ᠶᠢ ᠴᠦ ᠣᠨᠴᠠᠭᠠᠶᠢᠷᠠᠭᠤᠯᠬᠤ ᠦᠭᠡᠢ ᠪᠠᠶᠢᠵᠤ᠂ ᠪᠠᠶᠢᠩᠭᠤᠵᠢᠭᠰᠠᠨ᠂ ᠬᠥᠳᠡᠯᠦᠩᠭᠦᠢ ᠵᠢᠷᠦᠭᠡᠰᠢᠶᠡᠭᠦᠯᠦᠯ ᠢ ᠪᠦᠷᠢᠯᠳᠦᠭᠦᠯᠬᠦ ᠬᠡᠷᠡᠭᠲᠡᠢ᠃ | ᠠᠶᠤᠩᠭ᠎ᠠ ᠨᠢᠵᠢᠭᠢᠨᠡᠬᠦ ᠰᠢᠭ ᠢᠶᠠᠷ ᠬᠠᠤᠯᠢ ᠶᠣᠰᠣᠭᠠᠷ ᠬᠢᠨᠠᠨ ᠪᠤᠳᠤᠬᠤ ᠶᠢ ᠪᠠᠷᠢᠮᠲᠠᠯᠠᠵᠤ᠂ ᠰᠤᠳᠤᠯᠭᠠᠨ ᠤ ᠴᠢᠨᠠᠷᠲᠠᠢ ᠬᠢᠨᠠᠨ ᠪᠣᠳᠣᠯᠲᠠ ᠶᠢ ᠪᠣᠳᠠᠲᠠᠶᠢᠵᠢᠭᠤᠯᠵᠤ᠂ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ ᠬᠢᠨᠠᠯᠲᠠ ᠲᠠᠯᠪᠢᠬᠤ ︽ᠣᠨᠴᠠᠭᠠᠢ ᠴᠡᠷᠢᠭ | ᠠᠩᠭᠢ︾ ᠶᠢ ᠪᠠᠶᠢᠭᠤᠯᠬᠤ ᠭᠡᠷᠡᠭᠲᠡᠢ︔ ᠪᠤᠰᠤᠳ ᠬᠢᠨᠠᠯᠲᠠ ᠯᠤᠭ᠎ᠠ ᠨᠡᠪᠲᠡᠷᠡᠯᠴᠡᠨ ᠬᠠᠮᠵᠢᠯᠴᠠᠬᠤ ᠶᠢ ᠰᠠᠶᠢᠲᠤᠷ ᠬᠢᠵᠦ᠂ ᠬᠢᠨᠠᠯᠲᠠ ᠲᠠᠯᠪᠢᠬᠤ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠨᠡ ᠵᠢᠯ ᠤᠨ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠬᠤᠯᠠ ᠶᠡᠭᠡ ᠠᠰᠠᠭᠤᠳᠠᠯ ᠢ ᠲᠣᠪᠤᠶᠢᠯᠭᠠᠨ ᠬᠢᠨᠠᠨ | ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ | ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠨᠡᠮᠡᠭᠳᠡᠯ ᠢ ᠲᠣᠭᠲᠠᠪᠤᠷᠢᠵᠢᠭᠤᠯᠬᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠣᠷ ᠨᠠᠨᠳᠢᠨ ᠡᠳ᠋ ᠤᠨ ᠵᠠᠰᠠᠭ ᠤᠨ ᠪᠡᠯᠡ ᠮᠥᠩᠭᠦ ᠶᠢ ᠦᠷᠭᠦᠯᠵᠢᠯᠡᠨ | ᠰᠠᠶᠢᠲᠤᠷ ᠠᠩᠬᠠᠷᠴᠤ᠂ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ | ᠪᠤᠳᠤᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ | ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ︽ᠬᠤᠶᠠᠷ ᠭᠤᠶᠢᠪᠢᠰᠢ ᠦᠭᠡᠢ︾ ᠶᠢ ᠰᠠᠶᠢᠲᠤᠷ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠠᠬᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ | ᠠᠩᠬᠠᠷᠴᠤ᠂ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ | ᠥᠭᠴᠡᠭᠡ᠂ ᠮᠥᠩᠭᠦᠨ ᠭᠦᠢᠯᠭᠡᠭᠡᠨ᠂ ᠭᠡᠷ ᠭᠠᠵᠠᠷ ᠤᠨ ᠬᠥᠷᠥᠩᠭᠡ᠂ ᠠᠮᠤ ᠪᠤᠳᠠᠭ᠎ᠠ᠂ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠨᠢᠭᠲᠠ ᠠᠩᠬᠠᠷᠴᠤ᠂ | ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠷᠬᠡ ᠶᠢ ᠵᠢᠷᠤᠮᠵᠢᠭᠤᠨ ᠬᠡᠷᠡᠭᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠢᠯᠵᠠᠷᠠᠯ ᠢ ᠡᠰᠡᠷᠭᠦᠴᠡᠵᠦ ᠰᠠᠮᠠᠭᠤᠷᠠᠯ ᠢ ᠵᠠᠰᠠᠬᠤ ᠲᠠᠯ᠎ᠠ ᠪᠠᠷ ᠬᠢ ᠬᠢᠨᠠᠨ ᠪᠤᠳᠤᠬᠤ ᠠᠵᠢᠯ ᠤᠨ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠤᠨ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ | ᠂ ᠡᠷᠬᠡ ᠲᠥᠪᠯᠡᠷᠡᠭᠰᠡᠨ᠂ ᠪᠡᠯᠡ ᠮᠥᠩᠭᠦ ᠬᠤᠷᠠᠭᠰᠠᠨ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠯᠠᠨ | ᠲᠦᠮᠡᠨ ᠤ ᠳᠡᠷᠭᠡᠳᠡᠬᠢ ᠵᠢᠵᠢᠭ ᠱᠠᠮᠰᠢᠯ ᠪᠠᠭ᠎ᠠ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢᠨ ︽ᠰᠡᠭᠦᠯᠴᠢ ᠶᠢᠨ ᠠᠵᠢᠯ︾ ᠪᠣᠯᠣᠨ ᠬᠢᠨᠠᠨ ᠪᠤᠳᠤᠵᠤ ᠠᠰᠠᠭᠤᠳᠠᠯ ᠢ ᠢᠯᠡᠷᠡᠭᠦᠯᠬᠦ ︽ | ᠡᠬᠢᠨ ᠤ ᠠᠵᠢᠯ︾ ᠨᠢ ᠠᠳᠠᠯᠢᠬᠠᠨ ᠴᠢᠬᠤᠯᠠ ᠪᠣᠯᠬᠤᠷ ᠡᠷᠬᠡᠪᠰᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠬᠢᠨᠠᠨ ᠪᠤᠳᠣᠵᠤ ᠴᠡᠭᠴᠡᠯᠡᠨ | ᠰᠠᠶᠢᠵᠢᠷᠠᠭᠤᠯᠬᠤ ᠶᠢ ᠱᠠᠯᠠᠪᠳᠠᠭᠤᠯᠬᠤ ᠶᠠᠪᠤᠳᠠᠯ ᠢ ᠡᠳᠦᠷ ᠲᠤᠲᠤᠮ ᠤᠨ ᠬᠢᠨᠠᠯᠲᠠ ᠲᠠᠯᠪᠢᠬᠤ ᠶᠢᠨ ᠴᠢᠬᠤᠯᠠ ᠭᠠᠷᠳᠠᠴᠠ ᠪᠤᠯᠭᠠᠵᠤ᠂ ᠬᠢᠨᠠᠨ ᠪᠤᠳᠣᠬᠰᠠᠨ ᠦᠷ᠎ᠡ | ᠳ᠋ᠦᠩ ᠢ ᠺᠠᠳ᠋ᠷ ᠢ ᠰᠢᠯᠭᠠᠨ ᠬᠢᠨᠠᠬᠤ᠂ ᠲᠣᠮᠢᠯᠠᠬᠤ ᠪᠠᠭᠤᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ ᠯᠠᠪᠯᠠᠯᠲᠠ ᠪᠤᠯᠭᠠᠬᠤ ᠬᠡᠷᠡᠭᠲᠡᠢ᠃ ᠴᠡᠭᠴᠡᠯᠡᠨ | ᠰᠠᠶᠢᠵᠢᠷᠠᠭᠤᠯᠤᠭᠰᠠᠨ ᠨᠢ ᠰᠤᠯᠠ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ | ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠪᠣᠯ ᠬᠢᠨᠠᠨ ᠪᠤᠳᠤᠬᠤ ᠪᠠᠶᠢᠭᠤᠯᠭ᠎ᠠ ᠪᠠᠶᠢᠭᠤᠯᠤᠭᠳᠠᠭᠰᠠᠨ 40 ᠵᠢᠯ ᠤᠨ ᠤᠢ ᠪᠣᠯᠣᠨ᠎ᠠ᠃ ᠨᠠᠮ ᠤᠨ ᠲᠥᠪ ᠬᠤᠷᠢᠶ᠎ᠠ ᠬᠢᠨᠠᠨ | ᠪᠤᠳᠤᠬᠤ ᠠᠵᠢᠯ ᠳᠤ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠬᠢᠨᠠᠨ ᠪᠣᠳᠣᠯᠲᠠ ᠶᠢᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ ᠢ | ᠵᠠᠯᠭᠠᠮᠵᠢᠯᠠᠵᠤ᠂ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠪᠤᠢ ᠪᠤᠯᠭᠠᠵᠤ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠵᠤ ᠬᠢᠨᠠᠨ ᠪᠤᠳᠤᠬᠤ ᠶᠢ ᠵᠠᠰᠠᠵᠤ᠂ ᠭᠤᠣᠯ ᠰᠡᠳᠦᠪᠲᠦ ᠬᠥᠮᠦᠵᠢᠯ ᠪᠣᠯᠣᠨ ᠬᠢᠨᠠᠨ ᠪᠤᠳᠤᠬᠤ ᠡᠩᠨᠡᠭᠡᠨ ᠤ ᠬᠥᠮᠦᠵᠢᠯ | ᠴᠡᠭᠴᠡᠯᠡᠯᠲᠡ ᠶᠢ ᠭᠦᠨᠵᠡᠭᠡᠢ ᠥᠷᠨᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠥᠨᠳᠥᠷ ᠬᠡᠪ ᠪᠣᠯᠪᠠᠰᠤᠷᠠᠯ ᠪᠦᠬᠦᠢ | ᠲᠤᠰᠬᠠᠶᠢᠵᠢᠭᠰᠠᠨ ᠬᠢᠨᠠᠨ ᠪᠤᠳᠤᠬᠤ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠢᠨᠠᠨ ᠪᠤᠳᠤᠬᠤ ᠠᠵᠢᠯ ᠳᠠᠬᠢ | ᠤᠳᠤᠷᠢᠳᠬᠤ ᠬᠦᠴᠦᠨ ᠢᠶᠠᠨ ᠳᠡᠭᠡᠭᠰᠢᠯᠡᠭᠦᠯᠭᠦ ᠬᠡᠷᠡᠭᠲᠡᠢ᠃ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠨ᠂ ᠪᠡᠶ᠎ᠡ ᠪᠠᠷ ᠢᠶᠠᠨ ᠬᠠᠮᠢᠶᠠᠷᠴᠤ᠂ | ᠬᠢᠨᠠᠨ ᠪᠤᠳᠤᠬᠤ ᠬᠤᠷᠢᠶ᠎ᠠ ᠶᠢᠨ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠲᠥᠪ ᠤᠨ ᠬᠢᠨᠠᠨ ᠪᠤᠳᠤᠬᠤ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ | | | |