ᠰᠢ ᠶᠢᠨ ᠫᠢᠩ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠠᠬᠠᠮᠠᠳ ᠲᠤᠰᠬᠠᠢ ᠮᠡᠷᠭᠡᠵᠢᠯᠲᠡᠨ ᠠᠬᠠᠮᠠᠳ ᠤᠷᠠᠯᠢᠭᠴᠢᠳ ᠲᠤ ᠬᠠᠷᠢᠭᠤ ᠵᠠᠬᠢᠳᠠᠯ ᠢᠯᠡᠭᠡᠵᠦ ᠴᠢᠬᠤᠯᠠᠴᠢᠯᠠᠭᠰᠠᠨ ᠨᠢ ᠴᠢᠨᠠᠷ ᠰᠠᠶᠢᠲᠠᠢ ᠬᠤᠷᠢᠶᠠᠨ ᠬᠠᠳᠠᠭᠠᠯᠠᠬᠤ ᠥᠨᠳᠥᠷ ᠲᠦᠪᠰᠢᠨ ᠢᠶᠠᠷ ᠠᠰᠢᠭᠯᠠᠬᠤ ᠴᠢᠨᠠᠷ ᠰᠠᠶᠢᠲᠠᠢ ᠦᠢᠯᠡᠴᠢᠯᠡᠬᠦ ᠲᠠᠯ᠎ᠠ ᠪᠠᠷ ᠬᠦᠴᠦᠯᠡᠨ ᠤᠯᠤᠰ ᠤᠨ ᠲᠡᠰ ᠴᠢᠨᠠᠭᠰᠢᠯᠠᠪᠠᠯ ᠳᠡᠯᠡᠬᠡᠢ ᠶᠢᠨ ᠲᠡᠰ ᠤᠨ ᠤᠷᠠᠯᠢᠭ ᠤᠨ ᠣᠷᠳᠣᠨ ᠢ ᠴᠢᠷᠮᠠᠶᠢᠨ ᠴᠣᠭᠴᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2023/5/26
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 21 ᠤ ᠡᠳᠦᠷ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠠᠬᠠᠮᠠᠳ ᠲᠤᠰᠬᠠᠢ ᠮᠡᠷᠭᠡᠵᠢᠯᠲᠡᠨ ᠠᠬᠠᠮᠠᠳ ᠤᠷᠠᠯᠢᠭᠴᠢᠳ ᠲᠤ ᠬᠠᠷᠢᠭᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠪᠠᠶᠢᠭᠤᠯᠤᠭᠳᠠᠵᠤ ᠨᠡᠭᠡᠭᠡᠯᠲᠡ ᠬᠢᠭᠰᠡᠨ 60 ᠵᠢᠯ ᠤᠨ ᠤᠢ ᠶᠢᠨ ᠲᠠᠰᠢᠷᠠᠮ ᠳᠤ᠂ ᠣᠷᠳᠣᠨ ᠤ ᠪᠦᠭᠦ ᠨᠥᠬᠦᠳ ᠲᠤ ᠬᠠᠯᠠᠭᠤᠨ ᠪᠠᠶᠠᠷ ᠬᠦᠷᠭᠡᠵᠦ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃       ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠰᠢᠨ᠎ᠡ ᠳᠤᠮᠳᠠᠳᠤ ᠤᠯᠤᠰ ᠤᠨ ᠤᠷᠠᠨ ᠵᠢᠷᠤᠭ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠬᠦᠴᠦᠲᠡᠢ ᠭᠡᠷᠡᠴᠢᠯᠡᠵᠦ᠂ ᠰᠣᠩᠭᠤᠳᠠᠭ ᠬᠠᠳᠠᠭᠠᠯᠠᠯᠲᠠ ᠰᠣᠳᠣᠨ ᠪᠦᠲᠦᠭᠡᠯ᠂ ᠦᠵᠡᠰᠭᠦᠯᠡᠩ ᠦᠵᠡᠭᠦᠯᠭᠡ᠂ ᠤᠯᠠᠨ ᠨᠡᠶᠢᠲᠡ ᠶᠢᠨ ᠬᠥᠮᠦᠵᠢᠯ᠂ ᠭᠠᠳᠠᠭᠠᠳᠤ ᠰᠣᠯᠢᠯᠴᠠᠭ᠎ᠠ ᠵᠡᠷᠭᠡ ᠲᠠᠯ᠎ᠠ ᠪᠠᠷ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠢᠳᠡᠪᠬᠢᠲᠡᠢ ᠦᠷ᠎ᠡ ᠪᠦᠲᠦᠮᠵᠢ ᠣᠯᠵᠠᠢ ᠭᠡᠵᠦ ᠬᠡᠯᠡᠪᠡ᠃       ᠰᠢ ᠶᠢᠨ ᠫᠢᠩ᠂ ᠰᠢᠨ᠎ᠡ ᠠᠶᠠᠨ ᠳᠤ᠂ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠬᠢᠨ ᠵᠥᠪ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠣᠷᠳᠣᠨ ᠡᠷᠭᠢᠯᠡᠭᠦ ᠣᠶᠢᠯᠠᠭᠠᠭᠳᠠᠬᠤᠨ ᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠤᠷᠢᠶᠠᠨ ᠬᠠᠳᠠᠭᠠᠯᠠᠬᠤ ᠥᠨᠳᠥᠷ ᠲᠦᠪᠰᠢᠨ ᠢᠶᠠᠷ ᠠᠰᠢᠭᠯᠠᠬᠤ ᠴᠢᠨᠠᠷ ᠰᠠᠶᠢᠲᠠᠢ ᠦᠢᠯᠡᠴᠢᠯᠡᠬᠦ ᠲᠠᠯ᠎ᠠ ᠪᠠᠷ ᠬᠦᠴᠦ ᠲᠠᠯᠪᠢᠵᠤ᠂ ᠰᠢᠨ᠎ᠡ ᠴᠠᠭ ᠦᠶ᠎ᠡ ᠶᠢᠨ ᠠᠷᠠᠳ ᠣᠯᠠᠨ ᠤ ᠤᠷᠠᠨ ᠵᠢᠷᠤᠭ ᠤᠨ ᠰᠣᠳᠣᠨ ᠪᠦᠲᠦᠭᠡᠯ ᠢ ᠰᠣᠨᠢᠷᠬᠠᠬᠤ᠂ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠤᠯᠤᠰ ᠤᠨ ᠲᠠᠰ ᠴᠢᠨᠠᠭᠰᠢᠯᠠᠪᠠᠯ ᠳᠡᠯᠡᠬᠡᠢ ᠶᠢᠨ ᠲᠠᠰ ᠤᠨ ᠤᠷᠠᠯᠢᠭ ᠤᠨ ᠣᠷᠳᠣᠨ ᠢ ᠴᠢᠷᠮᠠᠶᠢᠨ ᠴᠣᠭᠴᠠᠯᠠᠵᠤ᠂ ᠳᠤᠮᠳᠠᠳᠤ ᠤᠯᠤᠰ ᠤᠨ ᠤᠷᠠᠨ ᠵᠢᠷᠤᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ᠂ ᠰᠣᠶᠣᠯ ᠤᠨ ᠢᠲᠡᠭᠡᠯ ᠬᠦᠴᠦᠷᠬᠡᠭᠵᠢᠯ ᠢ ᠠᠬᠢᠭᠤᠯᠬᠤ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠡᠭᠦᠳᠬᠦ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃       ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠡᠭᠦᠳᠦᠨ ᠪᠠᠶᠢᠭᠤᠯᠤᠭᠰᠠᠨ ᠤᠯᠤᠰ ᠤᠨ ᠲᠠᠰ ᠤᠨ ᠤᠷᠠᠨ ᠵᠢᠷᠤᠭ ᠤᠨ ᠣᠷᠳᠣᠨ ᠪᠠᠶᠢᠵᠤ᠂ 1963 ᠣᠨ ᠤ 5 ᠰᠠᠷ᠎ᠠ ᠶᠢᠨ 23 ᠤ ᠡᠳᠦᠷ ᠪᠠᠶᠢᠭᠤᠯᠤᠭᠳᠠᠵᠤ ᠨᠡᠭᠡᠭᠡᠯᠲᠡ ᠬᠢᠪᠡ᠃ 60 ᠵᠢᠯ ᠤᠨ ᠲᠤᠷᠰᠢ᠂ ᠨᠥᠯᠥᠭᠡᠯᠡᠬᠦ ᠬᠦᠴᠦᠨ ᠪᠦᠬᠦᠢ ᠤᠷᠠᠨ ᠵᠢᠷᠤᠭ ᠤᠨ ᠦᠵᠡᠰᠭᠦᠯᠡᠩ ᠢ ᠨᠡᠶᠢᠲᠡ 5500 ᠭᠠᠷᠤᠢ ᠲᠠᠯᠠᠪᠠᠶ ᠡᠷᠭᠢᠯᠡᠵᠦ᠂ ᠳᠤᠮᠳᠠᠳᠤ ᠭᠠᠳᠠᠭᠠᠳᠤ ᠶᠢᠨ ᠡᠯ᠎ᠡ ᠲᠥᠷᠥᠯ ᠤᠨ ᠤᠷᠠᠨ ᠵᠢᠷᠤᠭ ᠤᠨ ᠪᠦᠲᠦᠭᠡᠯ ᠢ 13 ᠲᠦᠮᠡ ᠭᠠᠷᠤᠢ ᠬᠤᠷᠢᠶᠠᠨ ᠬᠠᠳᠠᠭᠠᠯᠠᠭᠰᠠᠨ ᠪᠠᠶᠢᠨ᠎ᠠ᠃ ᠣᠶᠢᠷ᠎ᠠ ᠳᠤ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ 13 ᠠᠬᠠᠮᠠᠳ ᠲᠤᠰᠬᠠᠢ ᠮᠡᠷᠭᠡᠵᠢᠯᠲᠡᠨ ᠠᠬᠠᠮᠠᠳ ᠤᠷᠠᠯᠢᠭᠴᠢᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠰᠢᠨ᠎ᠡ ᠴᠠᠭ ᠦᠶ᠎ᠡ ᠶᠢᠨ ᠤᠷᠠᠨ ᠵᠢᠷᠤᠭ ᠤᠨ ᠣᠷᠳᠣᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠢ᠃
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ