ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂  ᠪᠤᠵᠠᠷ ᠤᠰᠤ ᠶᠢ ᠡᠷᠬᠢᠯᠳᠦᠬᠦᠯᠦᠨ ᠠᠰᠢᠬᠯᠠᠵᠤ ᠠᠮᠢ ᠠᠬᠤᠢ ᠶᠢᠨ ᠲᠡᠵᠢᠭᠡᠨ ᠦᠷᠡᠵᠢᠭᠦᠯᠬᠦ ᠳᠤ ︽ᠠᠮᠢᠳᠤ ᠤᠰᠤ︾  ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2023/5/26
      ᠮᠠᠨ ᠤ ᠬᠤᠲᠠ ᠲᠡᠵᠢᠭᠡᠨ ᠦᠷᠡᠵᠢᠭᠦᠯᠬᠦ ᠦᠢᠯᠡᠰ ᠤᠨ ᠪᠤᠵᠠᠷ ᠤᠰᠤ ᠶᠢ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ   ᠪᠤᠵᠠᠷ ᠤᠰᠤ ᠶᠢ ᠡᠷᠭᠢᠯᠳᠦᠭᠦᠯᠦᠨ ᠠᠰᠢᠭᠯᠠᠬᠤ ᠪᠠ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨ ᠬᠦ ᠪᠠᠳᠤᠯᠠᠨ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠪᠣᠬᠢᠷᠲᠤᠯ ᠦᠭᠡᠢ ᠪᠥᠭᠡᠳ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠵᠤ ᠪᠠᠶᠢᠨ᠎ᠠ᠃      ᠯᠢᠨ ᠾᠧ ᠲᠣᠭᠤᠷᠢᠭ ᠤᠨ ᠨᠢᠭᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠤᠰᠬᠠᠢ  ᠬᠤᠷᠰᠢᠶᠠᠵᠢᠯ ᠳᠤ ᠰᠤᠷᠪᠤᠯᠵᠢᠯᠠᠭᠴᠢ ᠂ ᠰᠢᠷᠣᠢ ᠲᠦᠯᠬᠢᠬᠦ ᠮᠠᠰᠢᠨ ᠶᠠᠭ ᠤᠰᠤᠨ ᠭᠠᠷᠤᠯᠲᠠ ᠶᠢᠨ ᠲᠡᠵᠢᠬᠡᠪᠤᠷᠢ ᠶᠢᠨ ᠨᠠᠭᠤᠷ ᠴᠥᠭᠦᠷᠥᠮ ᠢ ᠴᠡᠪᠡᠷᠯᠡᠵᠤ ᠪᠠᠶᠢᠬᠤ ᠶᠢ ᠬᠠᠷᠠᠯ᠎ᠠ᠃ ᠡᠨᠡ ᠵᠢᠯ᠂ ᠬᠤᠷᠰᠢᠶᠠᠵᠢᠯ ᠤᠨ ᠬᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ ᠲᠥᠪᠯᠡᠷᠡᠨ ᠵᠠᠯᠭᠠᠯᠳᠤᠭᠰᠠᠨ ᠨᠠᠭᠤᠷ ᠴᠥᠭᠦᠷᠥᠮ ᠢ ᠪᠠᠷᠢᠮᠵᠢᠶᠠᠵᠢᠭᠤᠯᠤᠨ ᠥᠭᠡᠷᠡᠴᠢᠯᠡᠬᠦ ᠶᠢᠨ ᠬᠠᠮᠲᠤ ᠲᠤᠩᠭᠠᠬᠤ ᠴᠥᠭᠦᠷᠥᠮ᠂ ᠬᠡᠢ ᠭᠠᠷᠭᠠᠬᠤ ᠴᠥᠭᠦᠷᠥᠮ᠂ ᠠᠮᠢᠳᠤ ᠪᠣᠳᠠᠰ ᠤᠨ ᠴᠡᠪᠡᠷᠰᠢᠭᠦᠯᠬᠦ ᠴᠥᠭᠦᠷᠥᠮ ᠪᠠ ᠬᠤᠶᠠᠷ ᠱᠦᠭᠦᠬᠦ ᠬᠠᠰᠢᠯᠭ᠎ᠠ ᠶᠢᠨ  ᠪᠤᠵᠠᠷ ᠤᠰᠤ ᠶᠢ ᠰᠢᠢᠳᠪᠦᠷᠢᠯᠡᠬᠦ ᠵᠠᠭᠪᠤᠷ ᠢ ᠪᠠᠶᠢᠭᠤᠯᠤᠨ᠂ ᠨᠠᠭᠤᠷ ᠴᠥᠭᠦᠷᠥᠮ ᠤᠨ ᠪᠤᠵᠠᠷ ᠤᠰᠤ ᠶᠢ ᠪᠠᠷᠢᠮᠵᠢᠶ᠎ᠠ ᠳᠤ ᠬᠦᠷᠦᠭᠦᠯᠦᠨ ᠵᠠᠰᠠᠬᠤ ᠶᠢ ᠪᠡᠶᠡᠯᠡᠬᠦᠯᠵᠤ ᠪᠠᠶᠢᠨ᠎ᠠ᠃      ᠯᠢᠨ ᠾᠧ ᠲᠣᠭᠤᠷᠢᠭ ᠤᠨ ᠱᠤᠸᠠᠩ ᠰᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠤᠰᠬᠠᠢ  ᠬᠤᠷᠰᠢᠶᠠᠵᠢᠯ ᠤᠨ ᠮᠡᠷᠭᠡᠵᠢᠯᠲᠡᠨ ᠱᠢ ᠲᠢᠶᠠᠨ ᠰᠢ  ᠶᠢᠨ ᠬᠡᠯᠡᠬᠦ ᠪᠠᠷ᠂ ᠤᠯᠤᠰ ᠠᠴᠠ 257 ᠲᠦᠮᠡᠨ ᠲᠥᠭᠦᠷᠢᠭ ᠤᠨ ᠪᠡᠯᠡ ᠮᠥᠩᠭᠦ ᠨᠥᠬᠦᠪᠦᠷᠢᠯᠡᠵᠦ᠂ ᠥᠪᠡᠷ ᠢᠶᠠᠨ 304 ᠲᠦᠮᠡᠨ ᠲᠥᠭᠦᠷᠢᠭ ᠤᠨ ᠪᠡᠯᠡ ᠮᠥᠩᠭᠦ  ᠤᠷᠤᠭᠤᠯᠤᠨ᠂ ᠡᠨᠡ ᠬᠦ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ ᠮᠦ ᠪᠦᠷᠢ ᠳᠤ 50% ᠣᠷᠴᠢᠮ ᠤᠨ ᠤᠰᠤ ᠠᠷᠪᠢᠯᠠᠨ᠎ᠠ ᠬᠡᠵᠤ ᠪᠠᠶᠢᠯ᠎ᠠ᠃      ᠥᠩᠭᠡᠷᠡᠭᠰᠡᠨ ᠳᠤ᠂ ᠬᠤᠷᠰᠢᠶᠠᠵᠢᠯ ᠨᠢ ᠵᠥᠪᠬᠡᠨ ᠬᠠᠲᠤᠨ ᠭᠤᠣᠯ ᠤᠨ ᠤᠰᠤ ᠶᠢ ᠲᠠᠲᠠᠵᠤ ᠲᠡᠵᠢᠭᠡᠨ ᠦᠷᠡᠵᠢᠭᠦᠯᠵᠦ ᠪᠠᠶᠢᠭᠰᠠᠨ ᠪᠣᠯᠬᠤᠷ ᠦᠷ᠎ᠡ ᠪᠦᠲᠦᠮᠵᠢ ᠪᠠᠷ ᠳᠣᠣᠷ᠎ᠠ᠂ ᠠᠰᠢᠭ ᠣᠷᠣᠯᠭ᠎ᠠ ᠪᠠᠷ ᠪᠠᠭ᠎ᠠ ᠮᠦᠷᠳᠡᠬᠡᠨ ᠲᠡᠵᠢᠭᠡᠨ ᠦᠷᠡᠵᠢᠭᠦᠯᠬᠦ ᠶᠠᠪᠤᠴᠠ ᠳᠠᠬᠢ ᠪᠤᠵᠠᠷ ᠤᠰᠤ ᠨᠢ ᠴᠦ ᠲᠡᠵᠢᠭᠡᠨ ᠦᠷᠡᠵᠢᠭᠦᠯᠬᠦ ᠬᠡᠪᠴᠢᠶ᠎ᠡ ᠶᠢ ᠬᠢᠵᠠᠭᠠᠷᠯᠠᠳᠠᠭ ᠪᠠᠶᠢᠵᠠᠢ᠃ ᠨᠠᠭᠤᠷ ᠴᠥᠭᠦᠷᠥᠮ ᠢ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠤᠰᠤᠨ ᠤ ᠴᠢᠨᠠᠷ ᠢ ᠴᠡᠪᠡᠷᠰᠢᠭᠦᠯᠵᠦ ᠪᠣᠯᠬᠤ ᠪᠠᠷ ᠪᠠᠷᠠᠬᠤ ᠦᠭᠡᠢ᠂ ᠨᠠᠭᠤᠷ ᠴᠥᠭᠦᠷᠥᠮ ᠳᠤ ᠲᠡᠵᠢᠭᠡᠨ ᠦᠷᠡᠵᠢᠭᠦᠯᠦᠭᠰᠡᠨ ᠦᠯᠡᠳᠡᠭᠳᠡᠯ ᠤᠰᠤ ᠶᠢ ᠴᠤ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠵᠤ᠂  ᠲᠡᠵᠢᠬᠡᠪᠤᠷᠢ ᠶᠢᠨ ᠴᠦᠬᠦᠷᠦᠮ ᠤᠨ  ᠢᠯᠭᠠᠳᠠᠰᠤ ᠵᠡᠷᠬᠡ ᠪᠣᠬᠢᠷᠲᠤᠯ ᠤᠨ ᠵᠦᠢᠯ ᠢ ᠴᠤ ᠡᠬᠢ ᠪᠠᠶᠠᠯᠢᠭᠵᠢᠭᠤᠯᠤᠨ ᠠᠰᠢᠭᠯᠠᠬᠤ ᠶᠢ  ᠪᠡᠶᠡᠯᠡᠬᠦᠯᠬᠦ ᠪᠤᠯᠤᠨ᠎ᠠ᠃       ᠣᠳᠣᠬᠠᠨ ᠳᠤ᠂ ᠪᠥᠬᠦ ᠬᠤᠲᠠ ᠶᠢᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠠᠯᠠᠪᠠᠶ 33 ᠲᠦᠮᠡᠨ ᠮᠦ ᠳᠤ ᠬᠦᠷᠴᠦ ᠪᠠᠶᠢᠨ᠎ᠠ᠃ ᠡᠨᠡ ᠵᠢᠯ᠂ ᠮᠠᠨ ᠤ ᠬᠤᠲᠠ 1970 ᠮᠦ ᠲᠠᠯᠠᠪᠠᠶ ᠶᠢᠨ ᠪᠤᠵᠠᠷ ᠤᠰᠤ ᠶᠢ ᠵᠠᠰᠠᠬᠤ 2 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠪᠠᠶᠢᠭ᠎ᠠ ᠪᠦᠬᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠰᠠ ᠦᠯᠡᠳᠡᠭᠳᠡᠯ ᠤᠰᠤᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ᠂ ᠭᠠᠳᠠᠭᠰᠢᠯᠠᠭᠤᠯᠤᠯᠲᠠ ᠶᠢᠨ ᠵᠢᠷᠤᠮᠵᠢᠯ ᠤᠨ ᠪᠠᠷᠢᠮᠵᠢᠶ᠎ᠠ ᠳᠤ ᠬᠦᠷᠬᠡᠬᠦ ᠶᠢ ᠪᠠᠳᠤᠯᠠᠬᠤ ᠪᠤᠯᠤᠨ᠎ᠠ᠃      ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠵᠢᠭᠠᠰᠤᠨ ᠠᠵᠤ ᠠᠬᠤᠢ ᠵᠢᠭᠠᠰᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠵᠠᠩ ᠵᠢᠶᠠᠨ ᠤ ᠲᠠᠨᠢᠯᠴᠠᠭᠤᠯᠤᠭᠰᠠᠨ ᠢᠶᠠᠷ᠂ ᠲᠥᠪᠯᠡᠷᠡᠨ ᠵᠠᠯᠭᠠᠯᠳᠤᠭᠰᠠᠨ ᠨᠠᠭᠤᠷ ᠴᠥᠭᠦᠷᠥᠮ ᠢ ᠪᠠᠷᠢᠮᠵᠢᠶᠠᠵᠢᠭᠤᠯᠤᠨ ᠥᠭᠡᠷᠡᠴᠢᠯᠡᠬᠦ ᠪᠠ ᠪᠤᠵᠠᠷ ᠤᠰᠤ ᠶᠢ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠮᠠᠨ ᠤ ᠲᠡᠵᠢᠭᠡᠨ ᠦᠷᠡᠵᠢᠭᠦᠯᠬᠦ ᠨᠠᠭᠤᠷ ᠴᠥᠭᠦᠷᠥᠮ ᠢ  ᠪᠠᠷᠢᠮᠵᠢᠶᠠᠵᠢᠭᠤᠯᠤᠨ᠂ ᠤᠰᠤ ᠠᠷᠪᠢᠯᠠᠨ ᠴᠡᠪᠡᠷᠰᠢᠭᠦᠯᠵᠦ᠂  ᠲᠡᠵᠢᠭᠡᠨ ᠦᠷᠡᠵᠢᠭᠦᠯᠬᠦ ᠪᠤᠵᠠᠷ ᠤᠰᠤ ᠶᠢ ᠨᠠᠩ ᠰᠠᠶᠢᠨ ᠢᠶᠠᠷ ᠡᠷᠭᠢᠯᠳᠦᠭᠦᠯᠦᠨ ᠠᠰᠢᠭᠯᠠᠵᠤ ᠴᠢᠳᠠᠬᠤ ᠮᠥᠷᠲᠡᠭᠡᠨ ᠪᠠᠰᠠ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠵᠤ᠂ ᠮᠠᠨ ᠤ ᠬᠤᠲᠠ ᠶᠢᠨ ᠵᠢᠭᠠᠰᠤᠨ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠨ ᠠᠬᠢᠭᠤᠯᠵᠤ ᠴᠢᠳᠠᠨ᠎ᠠ ᠬᠡᠵᠤ ᠪᠠᠶᠢᠯ᠎ᠠ᠃  
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ