ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠮᠠᠨ ᠤ ᠬᠤᠳᠠ ᠤᠰᠤ ᠶᠢ ᠠᠷᠪᠢᠯᠠᠬᠤ ᠮᠦᠷᠳᠡᠬᠡᠨ ᠠᠮᠤ ᠪᠤᠳᠠᠭᠠᠨ ᠤ ᠤᠨᠠᠯᠳᠠ ᠶᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/5/26
      ᠤᠰᠤ ᠠᠷᠪᠢᠯᠠᠬᠤ ᠪᠣᠯ ᠬᠠᠳᠤᠨ ᠭᠤᠣᠯ ᠤᠨ ᠰᠠᠪᠠ ᠭᠠᠵᠠᠷ ᠤᠨ ᠦᠷᠬᠦᠯᠵᠢᠯᠡᠬᠦᠶᠢᠴᠡ ᠬᠥᠭᠵᠢᠯᠲᠡ ᠶᠢᠨ ᠴᠢᠬᠤᠯᠠ ᠡᠭᠦᠷᠭᠡ ᠪᠣᠯᠤᠨ᠎ᠠ᠂ ᠮᠥᠨᠴᠦ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠬᠥᠭᠵᠢᠯᠲᠡ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ ᠡᠨᠡ ᠵᠢᠯ᠂ ᠮᠠᠨ ᠤ ᠬᠤᠲᠠ ᠲᠠᠷᠢᠶᠠᠯᠠᠩ ᠤᠨ ᠤᠰᠤ ᠠᠷᠪᠢᠯᠠᠵᠤ ᠤᠰᠤ ᠶᠢ ᠬᠢᠵᠠᠭᠠᠷᠯᠠᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠬᠦᠯᠵᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠲᠡᠶᠢᠨ ᠢ ᠰᠠᠶᠢᠲᠤᠷ ᠬᠢᠬᠦ ᠪᠠᠷ ᠳᠤᠷᠠᠳᠤᠨ ᠭᠠᠷᠭᠠᠵᠤ᠂ ᠪᠥᠬᠦ ᠵᠢᠯ ᠳᠤ 1.17 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ  ᠠᠷᠪᠢᠯᠠᠨ᠂ ᠤᠰᠤ ᠠᠷᠪᠢᠯᠠᠬᠤ ᠮᠦᠷᠳᠡᠬᠡᠨ ᠠᠮᠤ ᠪᠤᠳᠠᠭᠠᠨ ᠤ ᠤᠨᠠᠯᠳᠠ ᠶᠢ ᠪᠠᠳᠤᠯᠠᠬᠤ ᠶᠢ ᠦᠨᠡᠨ ᠬᠦ  ᠪᠡᠶᠡᠯᠡᠬᠦᠯᠬᠦ ᠪᠠᠷ ᠴᠢᠷᠮᠠᠶᠢᠨ ᠠᠵᠢᠯᠯᠠᠵᠤ ᠪᠠᠶᠢᠨ᠎ᠠ᠃      4 ᠰᠠᠷ᠎ᠠ ᠶᠢᠨ ᠳᠤᠮᠳᠠᠴᠢ ᠪᠠᠷ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ 2023 ᠣᠨ ᠤ ᠵᠤᠨ ᠤ ᠤᠰᠤᠯᠠᠯᠲᠠ ᠵᠠᠯᠭᠠᠪᠡᠷ ᠡᠬᠢᠯᠡᠵᠦ᠂ ᠵᠠᠩᠭᠢᠯᠠᠭ᠎ᠠ ᠶᠢᠨ ᠬᠠᠰᠢᠯᠭ᠎ᠠ ᠶᠢ ᠵᠡᠷᠭᠡᠪᠡᠷ ᠨᠡᠭᠡᠭᠡᠬᠦ ᠶᠢ ᠲᠠᠭᠠᠯᠳᠤᠨ᠂ ᠬᠠᠳᠤᠨ ᠭᠤᠣᠯ ᠤᠨ ᠤᠰᠤ ᠪᠣᠷᠣᠲᠣᠬᠤᠢ ᠶᠢᠨ ᠮᠢᠩᠭᠠᠨ ᠭᠠᠵᠠᠷ ᠤᠨ ᠦᠩ ᠰᠢᠮᠡᠯᠢᠭ ᠲᠠᠷᠢᠶᠠᠨ ᠭᠠᠵᠠᠷ ᠲᠤ ᠤᠷᠤᠰᠤᠨ ᠣᠷᠣᠵᠠᠢ᠃ ᠥᠩᠭᠡᠷᠡᠭᠰᠡᠨ ᠤ ᠶᠡᠭᠡ ᠬᠡᠮᠵᠢᠶᠡᠨ ᠤ ᠤᠰᠤ ᠪᠠᠷ ᠪᠢᠯᠬᠠᠭᠤᠯᠤᠨ ᠤᠰᠤᠯᠠᠬᠤ ᠮᠠᠶ᠋ᠢᠭ ᠤᠨ ᠤᠯᠠᠮᠵᠢᠯᠠᠯᠲᠤ ᠤᠰᠤᠯᠠᠯᠲᠠ ᠲᠠᠢ ᠬᠠᠷᠢᠴᠠᠭᠤᠯᠪᠠᠯ ᠡᠨᠡ ᠵᠢᠯ ᠤᠨ ᠤᠰᠤᠯᠠᠯᠳᠠ ᠨᠢ ᠦᠪᠡᠷᠮᠢᠴᠡ ᠰᠢᠨ᠎ᠡ ᠮᠠᠶ᠋ᠢᠭ ᠤᠨ  ᠤᠰᠤᠯᠠᠯᠲᠠ ᠪᠠᠶᠢᠯ᠎ᠠ᠃      ᠰᠤᠷᠪᠤᠯᠵᠢᠯᠠᠭᠴᠢ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠱᠦ ᠯᠢᠨ ᠽᠢ ᠲᠣᠰᠬᠤᠨ ᠤ 2.2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠣᠷᠣᠨ ᠳᠤ ᠬᠦᠷᠬᠦ ᠳᠤ ᠂ ᠲᠠᠷᠢᠶᠠᠨ ᠭᠠᠵᠠᠷ ᠲᠠᠬᠢ ᠦᠨᠳᠦᠷ ᠲᠤᠮᠦ ᠲᠤᠩᠭᠠᠨ  ᠱᠦᠬᠦᠬᠦ ᠲᠦᠬᠦᠬᠡᠷᠦᠮᠵᠢ ᠨᠢ ᠰᠤᠷᠪᠤᠯᠵᠢᠯᠠᠭᠴᠢ ᠶᠢᠨ ᠠᠩᠬᠠᠷᠦᠯ ᠢ ᠲᠠᠳᠠᠯ᠎ᠠ᠃ ᠡᠨᠡᠬᠦ ᠲᠦᠬᠦᠬᠡᠷᠦᠮᠵᠢ ᠨᠢ ᠬᠠᠲᠤᠨ ᠭᠤᠤᠯ ᠤᠨ ᠤᠰᠤ ᠶᠢ ᠭᠤᠷᠪᠠ ᠤᠳᠠᠭ᠎ᠠ ᠱᠦᠬᠦᠵᠤ ᠲᠤᠩᠭᠠᠭᠰᠠᠨ ᠤ ᠲᠠᠷᠠᠭ᠎ᠠ᠂ ᠲᠠᠬᠢᠨ ᠰᠢᠩᠭᠡᠨ ᠪᠡᠶᠡᠲᠦ ᠪᠣᠷᠲᠣᠭᠤᠷ ᠪᠣᠯᠤᠨ ᠰᠢᠪᠲᠦᠷᠲᠦ ᠬᠦᠴᠢᠯ ᠲᠠᠢ ᠵᠣᠬᠢᠬᠤ ᠬᠠᠷᠢᠴᠠᠯ ᠢᠶᠠᠷ ᠬᠤᠯᠢᠵᠤ᠂ ᠥᠨᠳᠥᠷ ᠳᠠᠷᠤᠯᠲᠠᠲᠤ ᠬᠥᠭᠡᠷᠭᠡ ᠪᠣᠯᠤᠨ ᠬᠤᠭᠤᠯᠠᠶ ᠪᠠᠷ ᠲᠠᠮᠵᠢᠭᠤᠯᠤᠨ ᠤᠰᠤ ᠪᠣᠯᠤᠨ ᠪᠣᠷᠲᠣᠭᠤᠷ ᠢ ᠬᠠᠮᠲᠤ ᠳᠤᠨᠢ ᠲᠠᠷᠢᠶᠠᠨ ᠭᠠᠵᠠᠷ ᠲᠤ ᠬᠦᠷᠭᠡᠵᠦ᠂ ᠳᠠᠬᠢᠨ ᠳᠤᠰᠤᠯᠭᠠᠨ ᠤᠰᠤᠯᠠᠬᠤ ᠰᠢᠰᠲ᠋ᠧᠮ ᠢᠶᠠᠷ ᠰᠢᠭᠤᠳ ᠲᠠᠷᠢᠮᠠᠯ ᠤᠨ ᠦᠨᠳᠦᠰᠦᠨ ᠳᠤ ᠬᠦᠷᠬᠡᠳᠡᠭ ᠪᠠᠶᠢᠨ᠎ᠠ᠃      ᠡᠨᠡ ᠬᠦ ᠤᠰᠤᠯᠠᠯᠳᠠ ᠶᠢᠨ ᠰᠢᠰᠲ᠋ᠧᠮ ᠪᠣᠯ ᠥᠪᠥᠷ ᠮᠣᠩᠭᠤᠯ ᠤᠨ ᠾᠧ ᠰᠢᠩ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠦᠭᠰᠡᠨ ᠳᠤᠰᠤᠯᠭᠠᠨ ᠤᠰᠤᠯᠠᠬᠤ ᠤᠰᠤ ᠪᠣᠷᠲᠣᠭᠤᠷ ᠢ ᠨᠢᠭᠡ ᠴᠤᠭᠴᠠᠵᠢᠭᠤᠯᠬᠤ ᠲᠥᠷᠥᠯ ᠵᠦᠢᠯ ᠪᠣᠯᠤᠨ᠎ᠠ᠂ ᠢᠩᠭᠢᠵᠦ ᠬᠢᠬᠦ ᠪᠠᠷ ᠳᠡᠮᠵᠢᠨ 50% ᠶᠢᠨ ᠤᠰᠤ᠂ 30% ᠶᠢᠨ ᠪᠣᠷᠲᠣᠭᠤᠷ ᠢ ᠠᠷᠪᠢᠯᠠᠵᠤ᠂ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠵᠦ ᠴᠢᠳᠠᠨ᠎ᠠ᠃      ᠨᠢᠳᠦᠨᠤᠨ᠂ ᠡᠨᠡ ᠬᠦ ᠤᠰᠤᠯᠠᠯᠳᠠ ᠶᠢᠨ ᠰᠢᠰᠲ᠋ᠧᠮ ᠢᠶᠠᠷ ᠲᠠᠷᠢᠭᠰᠠᠨ ᠡᠷᠳᠡᠨᠢ ᠰᠢᠰᠢ ᠨᠢ ᠤᠯᠠᠮᠵᠢᠯᠠᠯᠲᠤ ᠠᠷᠭ᠎ᠠ ᠪᠠᠷ ᠳᠠᠷᠢᠭᠰᠠᠨ ᠠᠴᠠ ᠨᠢᠭᠡ ᠲᠣᠯᠣᠭᠠᠶ ᠥᠨᠳᠥᠷ ᠪᠠᠶᠢᠵᠤ᠂ ᠮᠥ ᠪᠦᠷᠢ ᠶᠢᠨ ᠤᠨᠠᠯᠲᠠ ᠨᠢ 300 ᠵᠢᠩ ᠥᠨᠳᠥᠷ ᠪᠠᠶᠢᠯ᠎ᠠ᠃ ᠡᠶᠢᠨᠬᠦ ᠲᠤᠬᠠᠢ ᠶᠢᠨ ᠭᠠᠵᠠᠷ ᠤᠨ ᠲᠠᠷᠢᠶᠠᠴᠢᠳ ᠤᠤᠯ ᠤᠨ ᠤᠯᠠᠮᠵᠢᠯᠠᠯᠳᠤ ᠤᠰᠤᠯᠠᠯᠳᠠ ᠶᠢᠨ ᠠᠷᠭ᠎ᠠ ᠪᠠᠨ  ᠥᠭᠡᠷᠡᠴᠢᠯᠡᠬᠦ ᠴᠢᠬᠤᠯᠠᠳᠠᠢ ᠬᠡᠰᠡᠨ ᠢᠶᠠᠨ ᠮᠡᠳᠡᠵᠤ᠂ ᠺᠣᠮᠫᠠᠨᠢ ᠳᠤ ᠢᠷᠡᠵᠦ ᠬᠥᠯᠥᠰᠥᠨ ᠠᠵᠢᠯ  ᠬᠢᠬᠦ ᠶᠢᠨ ᠲᠠᠭᠠᠤ ᠺᠣᠮᠫᠠᠨᠢ  ᠶᠢ ᠲᠠᠭᠠᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶ᠎ᠠ ᠲᠠᠷᠢᠬᠤ︾ ᠪᠣᠯᠪᠠ᠃      ᠤᠷᠠᠳ ᠤᠨ ᠡᠮᠦᠨᠡᠲᠦ ᠬᠤᠰᠢᠭᠤᠨ ᠤ ᠰᠢᠩ ᠠᠨ ᠪᠠᠯᠭᠠᠰᠤᠨ ᠤ ᠱᠤ ᠯᠢᠨ ᠽᠢ ᠲᠣᠰᠬᠤᠨ ᠤ ᠠᠷᠠᠳ ᠴᠧᠨ ᡁᠢ ᠯᠢᠶᠠᠩ ᠠᠴᠠ ᠰᠤᠷᠪᠤᠯᠵᠢᠯᠠᠭᠴᠢ ᠳᠤ᠂ ᠳᠤᠰᠤᠯᠭᠠᠨ ᠤᠰᠤᠯᠠᠬᠤ ᠨᠢ ᠤᠰᠤᠨ ᠳᠤ ᠠᠷᠪᠢᠲᠠᠶ᠂ ᠪᠠᠰᠠ ᠪᠣᠷᠲᠣᠭᠤᠷ ᠨᠢ ᠴᠥᠮ ᠬᠠᠷᠢᠴᠠᠯ ᠲᠠᠢ ᠪᠤᠯᠬᠤᠷ ᠪᠣᠷᠲᠣᠭᠤᠷ ᠲᠤ ᠴᠦ ᠠᠷᠪᠢᠲᠠᠶ᠂ ᠲᠠᠷᠢᠶᠠᠨ ᠭᠠᠵᠠᠷ ᠤᠨ ᠪᠣᠬᠢᠷᠲᠤᠯ ᠢ ᠪᠠᠭᠠᠰᠬᠠᠬᠤ ᠳᠤ ᠴᠥᠮ ᠮᠠᠰᠢ ᠰᠠᠶᠢᠨ ᠦᠢᠯᠡᠳᠦᠯ ᠦᠵᠡᠬᠦᠯᠵᠤ ᠪᠠᠶᠢᠨ᠎ᠠ ᠬᠡᠵᠤ ᠪᠠᠶᠢᠯ᠎ᠠ᠃       ᠮᠠᠨ ᠤ ᠬᠤᠲᠠ ᠶᠢᠨ ᠵᠢᠯ ᠤᠨ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢᠨ ᠳᠣᠲᠣᠷ᠎ᠠ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠡᠮᠵᠢᠶ᠎ᠡ ᠶᠡᠬᠡᠩᠬᠢ ᠶᠢ ᠡᠵᠡᠯᠡᠵᠦ᠂ 88% ᠣᠷᠴᠢᠮ ᠢ ᠡᠵᠡᠯᠡᠵᠦ ᠪᠠᠶᠢᠨ᠎ᠠ᠃ ᠤᠯᠤᠰ ᠤᠨ ᠴᠢᠬᠤᠯᠠ ᠲᠠᠸᠠᠷ ᠤᠨ ᠠᠮᠤ ᠪᠤᠳᠠᠭᠠᠨ ᠤ ᠰᠠᠭᠤᠷᠢᠨ ᠪᠣᠯᠤᠭᠰᠠᠨ ᠤ ᠬᠤᠪᠢ ᠳᠤ᠂ ᠡᠨᠡ ᠵᠢᠯ᠂ ᠪᠥᠬᠦ ᠬᠤᠲᠠ ᠶᠢᠨ ᠲᠠᠷᠢᠮᠠᠯ ᠤᠨ ᠶᠡᠷᠦᠩᠬᠡᠶ ᠲᠠᠯᠠᠪᠠᠶ 1200 ᠲᠦᠮᠡᠨ ᠮᠥ ᠳᠤ ᠬᠦᠷᠴᠦ᠂ ᠠᠮᠤ ᠪᠤᠳᠠᠭ᠎ᠠ ᠳᠠᠷᠢᠬᠤ ᠲᠠᠯᠠᠪᠠᠶ 670 ᠲᠦᠮᠡᠨ ᠮᠥ ᠠᠴᠠ ᠳᠡᠭᠡᠭᠰᠢ ᠪᠣᠯᠲᠠᠯ᠎ᠠ ᠨᠡᠮᠡᠭᠳᠡᠬᠦ ᠪᠣᠯᠤᠨ᠎ᠠ᠃ ︽ᠤᠰᠤ ᠠᠷᠪᠢᠯᠠᠬᠤ ᠮᠦᠷᠳᠡᠬᠡᠨ ᠠᠮᠤ ᠪᠤᠳᠠᠭᠠᠨ ᠤ ᠤᠨᠠᠯᠳᠠ ᠶᠢ ᠪᠠᠳᠤᠯᠠᠬᠤ︾ ᠶᠢ ᠦᠨᠡᠨᠬᠦ ᠪᠡᠶᠡᠯᠡᠬᠦᠯᠬᠦ ᠶᠢᠨ ᠲᠦᠯᠦᠬᠡ᠂ ᠮᠠᠨ ᠤ ᠬᠤᠲᠠ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠬᠦ ᠪᠠᠷ ᠳᠤᠷᠠᠳᠴᠤ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠢᠵᠢ ᠪᠦᠷᠢᠳᠦᠭᠦᠯᠬᠦ ᠥᠭᠡᠷᠡᠴᠢᠯᠡᠯᠲᠡ ᠶᠢᠨ ᠢᠨᠵᠧᠨᠧᠷᠢᠩ᠂ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠤᠰᠤᠯᠠᠯᠲᠠ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠵᠢᠭᠦᠯᠬᠦ ᠪᠠᠷ ᠳᠠᠮᠵᠢᠨ᠂ ᠪᠦᠬᠦ ᠵᠢᠯ ᠳᠤ 1.17 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ ᠪᠡᠶᠡᠯᠡᠭᠦᠯᠪᠡ᠃      ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠲᠤᠪᠴᠢᠶᠠᠨ ᠤ ᠳᠡᠳ᠋ ᠳᠠᠷᠤᠭ᠎ᠠ ᠵᠠᠩ ᠬᠤᠸᠠᠨ   ᠰᠤᠷᠪᠤᠯᠵᠢᠯᠠᠭᠴᠢ ᠳᠤ᠂ 2023 ᠣᠨ ᠳᠤ 93 ᠲᠦᠮᠡᠨ ᠮᠥ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠨᠡᠮᠡᠭᠳᠡᠭᠦᠯᠬᠦ᠂ 100 ᠲᠦᠮᠡᠨ ᠮᠥ ᠠᠴᠠ ᠳᠡᠭᠡᠭᠰᠢ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ  ᠶᠢ  ᠦᠨᠡᠨ ᠬᠦ  ᠪᠠᠳᠤᠯᠠᠵᠤ᠂  ᠤᠷᠮᠠᠰᠢᠭᠤᠯᠬᠤ ᠲᠣᠭᠲᠠᠴᠠ  ᠶᠢ  ᠪᠦᠷᠢᠨᠰᠢᠭᠦᠯᠦᠨ  ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ ᠶᠢᠨ ᠪᠠᠯᠠ ᠮᠥᠩᠭᠦ ᠶᠢ ᠠᠰᠢᠭᠯᠠᠨ ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠭᠰᠠᠨ ᠱᠠᠩᠨᠠᠯ ᠢ ᠤᠯᠭᠤᠬᠤ ᠪᠠᠷ ᠲᠦᠯᠦᠪᠯᠡᠵᠤ ᠪᠠᠶᠢᠨ᠎ᠠ ᠬᠡᠵᠤ ᠪᠠᠶᠢᠯ᠎ᠠ᠃    
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ