ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠵᠤ ᠲᠠᠷᠢᠶᠠᠯᠠᠩ ᠤᠨ ᠪᠣᠬᠢᠷᠲᠤᠯ ᠦᠭᠡᠢ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/5/26
      ᠡᠨᠡ ᠵᠢᠯ ᠠᠴᠠ ᠨᠠᠰᠢ᠂ ᠮᠠᠨ ᠤ ᠬᠤᠳᠠ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠬᠢᠷᠢ ᠲᠦᠪᠰᠢᠨ ᠢ ᠪᠦᠬᠦ ᠲᠠᠯ᠎ᠠ ᠪᠠᠷ  ᠲᠡᠭᠡᠭᠰᠢᠯᠡᠬᠦᠯᠤᠭ᠍ᠰᠡᠨ ᠪᠠᠶᠢᠨ᠎ᠠ ᠃      ᠤᠷᠠᠳ ᠤᠨ ᠡᠮᠦᠨᠡᠲᠦ ᠬᠤᠰᠢᠭᠤᠨ ᠤ ᠮᠦᠩᠭᠡ ᠲᠠᠯ᠎ᠠ ᠡᠪᠡᠰᠦᠨ ᠤ  ᠦᠢᠯᠡᠰ ᠤᠨ ᠺᠣᠮᠫᠠᠨᠢ ᠶᠢᠨ ᠲᠦᠮᠡᠨ ᠮᠥ ᠣᠷᠭᠠᠨᠢᠭ ᠡᠪᠡᠰᠦ ᠳᠠᠷᠢᠬᠤ ᠰᠠᠭᠤᠷᠢᠨ ᠭᠠᠵᠠᠷ ᠲᠤ᠂ ᠠᠵᠢᠯᠴᠢᠳ ᠶᠠᠭ  ᠰᠠᠶ᠋ᠢᠬᠠᠨ ᠭᠠᠵᠠᠷ ᠰᠢᠷᠣᠶ  ᠲᠡᠭᠰᠢᠯᠡᠵᠤ ᠰᠢᠨ᠎ᠡ ᠮᠠᠶ᠋ᠢᠭ ᠤᠨ ᠨᠢᠮᠭᠡᠨ  ᠪᠦᠷᠬᠦᠪᠴᠢ ᠳᠡᠪᠢᠰᠬᠦ ᠠᠵᠢᠯ ᠬᠢᠵᠦ  ᠶᠠᠭᠠᠷᠠᠯᠳᠤᠨ᠎ᠠ᠃  ᠰᠠᠭᠤᠷᠢᠨ ᠭᠠᠵᠠᠷ ᠤᠨ ᠬᠠᠷᠢᠭᠤᠴᠠᠯᠭᠠᠲᠠᠨ ᠠᠴᠠ ᠰᠤᠷᠪᠤᠯᠵᠢᠯᠠᠭᠴᠢ ᠳᠤ ᠂ ᠤᠯᠠᠮᠵᠢᠯᠠᠯᠲᠤ ᠰᠦᠯᠢᠶᠣᠣ ᠪᠦᠷᠬᠦᠪᠴᠢ ᠵᠠᠳᠠᠷᠠᠬᠤ ᠳᠤ ᠪᠡᠷᠬᠡ᠂ ᠲᠠᠷᠢᠶᠠᠨ ᠭᠠᠵᠠᠷ ᠲᠤ ᠦᠯᠡᠳᠡᠭᠳᠡᠪᠡᠯ ᠬᠥᠷᠥᠰᠥ ᠰᠢᠷᠣᠶ ᠶᠢᠨ ᠪᠦᠲᠦᠴᠡ ᠶᠢ ᠡᠪᠳᠡᠵᠦ᠂ ᠲᠠᠷᠢᠮᠠᠯ ᠤᠨ ᠥᠰᠥᠯᠲᠡ ᠪᠤᠶᠢᠵᠢᠯᠲᠠ ᠶᠢ ᠨᠥᠯᠥᠭᠡᠯᠡᠨ᠂ ᠴᠠᠭᠠᠨ ᠪᠣᠬᠢᠷᠲᠤᠯ ᠢ ᠪᠣᠶ ᠪᠣᠯᠭᠠᠳᠠᠭ᠃ ᠺᠣᠮᠫᠠᠨᠢ ᠶᠢᠨ ᠡᠨᠡ ᠵᠢᠯ ᠤᠨ ᠬᠡᠷᠡᠭᠯᠡᠵᠦ ᠪᠠᠶᠢᠭ᠎ᠠ  ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠪᠣᠯ ᠠᠮᠢᠳᠤ ᠪᠣᠳᠠᠰ ᠤᠨ ᠵᠠᠳᠠᠷᠠᠯᠲᠠ ᠶᠢᠨ ᠴᠢᠳᠠᠪᠬᠢ ᠲᠠᠢ ᠰᠢᠨ᠎ᠡ ᠬᠡᠯᠪᠡᠷᠢ ᠶᠢᠨ ᠨᠢᠮᠭᠡᠨ ᠪᠦᠷᠬᠦᠭᠦᠯ  ᠪᠠᠶᠢᠵᠤ᠂ ᠬᠤᠷᠢᠶᠠᠨ ᠠᠪᠬᠤ ᠴᠢᠬᠤᠯᠠ ᠥᠬᠡᠶ᠂ 3 ᠠᠴᠠ 5 ᠰᠠᠷ᠎ᠠ ᠶᠢᠨ ᠳᠣᠲᠣᠷ᠎ᠠ ᠠᠶᠠᠨᠳᠠᠭᠠᠨ ᠵᠠᠳᠠᠷᠠᠳᠠᠭ ᠭᠡᠵᠤ ᠪᠠᠶᠢᠯ᠎ᠠ᠃      ᠤᠷᠠᠳ ᠤᠨ ᠡᠮᠦᠨᠡᠲᠦ ᠬᠤᠰᠢᠭᠤᠨ ᠤ  ᠮᠦᠩᠭᠡ ᠲᠠᠯ᠎ᠠ ᠡᠪᠡᠰᠦᠨ ᠤ  ᠦᠢᠯᠡᠰ ᠤᠨ ᠬᠢᠵᠠᠭᠠᠷᠲᠤ ᠺᠣᠮᠫᠠᠨᠢ ᠶᠢᠨ ᠰᠠᠭᠤᠷᠢᠨ ᠭᠠᠵᠠᠷ ᠤᠨ ᠳᠠᠭᠠᠭᠠᠮᠠᠯ ᠵᠤᠤ ᠸᠧᠢ  ᠶᠢᠨ ᠬᠡᠯᠡᠬᠦ ᠪᠠᠷ ᠂ ᠰᠦᠯᠢᠶᠣᠣ ᠪᠦᠷᠬᠦᠪᠴᠢ  ᠨᠢ ᠵᠠᠳᠠᠷᠠᠭᠤᠯᠬᠤ ᠪᠦᠷᠬᠦᠪᠴᠢ ᠶᠢ ᠬᠡᠷᠡᠭᠯᠡᠵᠦ᠂ ᠭᠠᠵᠠᠷ ᠰᠢᠷᠣᠢ ᠶᠢᠨ ᠪᠣᠬᠢᠷᠲᠤᠯ ᠢ  ᠪᠠᠭᠠᠰᠬᠠᠨ᠂ ᠰᠦᠯᠢᠶᠣᠣ ᠪᠦᠷᠬᠦᠪᠴᠢ ᠬᠤᠷᠢᠶᠠᠬᠤ ᠶᠠᠪᠤᠴᠠ ᠶᠢ ᠪᠠᠭᠠᠰᠬᠠᠵᠠᠢ᠃ ᠡᠨᠡ ᠵᠢᠯ ᠤᠨ ᠦᠷ᠎ᠡ ᠨᠢ  ᠭᠧᠨ ᠨᠢ ᠬᠤᠪᠢᠷᠠᠭᠤᠯᠤᠭᠰᠠᠨ  ᠦᠬᠡᠢ ᠦᠷ᠎ᠡ ᠶᠢ ᠬᠡᠷᠡᠭᠯᠡᠵᠦ᠂ ᠣᠷᠭᠠᠨᠢᠭ ᠪᠠᠷᠢᠮᠵᠢᠶ᠎ᠠ ᠳᠤ ᠬᠦᠷᠭᠡᠵᠦ᠂ ᠳᠤᠰᠤᠯᠭᠠᠨ ᠤᠰᠤᠯᠠᠬᠤ ᠠᠷᠭ᠎ᠠ ᠪᠠᠷ ᠤᠰᠤᠯᠡᠯᠳᠡ ᠬᠢᠵᠤ᠂ ᠤᠰᠤ ᠶᠢ ᠬᠢᠵᠠᠭᠠᠷᠯᠠᠬᠤ᠂ ᠪᠤᠷᠳᠤᠭᠤᠷ ᠢ ᠬᠢᠵᠠᠭᠠᠷᠯᠠᠬᠤ᠂  ᠰᠦᠯᠢᠶᠤᠤ ᠪᠦᠷᠬᠦᠪᠴᠢ ᠶᠢ ᠬᠢᠵᠠᠭᠠᠷᠯᠠᠬᠤ᠂ ᠡᠮ ᠢ ᠬᠢᠵᠠᠭᠠᠷᠯᠠᠬᠤ ᠪᠦᠬᠦ ᠶᠠᠪᠤᠴᠠ ᠶᠢ ᠤᠯᠤᠰ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ   ᠬᠦᠷᠭᠡᠭᠰᠡᠨ ᠭᠡᠵᠤ ᠪᠠᠶᠢᠯ᠎ᠠ ᠃      ᠮᠠᠨ ᠤ ᠬᠤᠲᠠ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂  ᠰᠢᠯᠢᠳᠡᠭ  ᠦᠷ᠎ᠡ ᠶᠢᠨ ᠲᠦᠷᠤᠯ ᠪᠠ ᠭᠤᠤᠯᠳᠠᠯᠭ᠎ᠠ ᠲᠠᠢ ᠬᠡᠷᠡᠭᠯᠡᠭᠡᠨ ᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠪᠥᠬᠦ ᠬᠤᠲᠠ ᠶᠢᠨ ᠪᠣᠷᠲᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠡᠮ ᠢ ᠬᠢᠵᠠᠭᠠᠷᠯᠠᠨ ᠬᠤᠤᠷᠳᠠᠯ ᠢ  ᠪᠠᠭᠠᠰᠬᠠᠬᠤ᠂ ᠪᠦᠷᠬᠦᠭᠦᠯ ᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠶᠢ ᠳᠠᠶᠢᠴᠢᠯᠠᠪᠠ᠃  ᠡᠨᠡ ᠵᠢᠯ ᠤᠨ 3 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠳᠤ ᠨᠢᠭᠡᠨᠲᠡ ᠰᠢᠨ᠎ᠡ ᠬᠡᠯᠪᠡᠷᠢ ᠶᠢᠨ ᠪᠣᠷᠲᠣᠭᠤᠷ᠂ ᠨᠠᠶᠢᠷᠠᠯᠭ᠎ᠠ ᠲᠠᠢ ᠪᠣᠷᠲᠣᠭᠤᠷ ᠢ 30.91 ᠲᠦᠮᠡᠨ ᠮᠥ᠂ ᠣᠷᠭᠠᠨᠢᠭ ᠪᠣᠷᠲᠣᠭᠤᠷ ᠢ 183.9 ᠲᠦᠮᠡᠨ ᠮᠥ ᠳᠡᠯᠭᠡᠷᠡᠭᠦᠯᠵᠡᠶ᠃ 2.96 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠢᠨᠵᠧᠨᠧᠷᠢᠩ ᠢ ᠪᠡᠶᠡᠯᠡᠭᠦᠯᠵᠦ᠂ 60 ᠲᠦᠮᠡᠨ ᠮᠥ ᠠᠴᠠ ᠳᠡᠭᠡᠭᠰᠢ ᠲᠠᠯᠠᠪᠠᠶ ᠶᠢ  ᠬᠠᠮᠤᠷᠤᠭᠰᠠᠨ ᠪᠠᠶᠢᠨ᠎ᠠ᠃ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠤᠨ ᠲᠠᠯᠠᠪᠠᠶ ᠶᠢ ᠨᠡᠶᠢᠲᠡ 874.8 ᠲᠦᠮᠡᠨ ᠮᠥ ᠪᠡᠶᠡᠯᠡᠭᠦᠯᠵᠦ᠂ ᠰᠦᠯᠢᠶᠣᠣ ᠪᠦᠷᠬᠦᠪᠴᠢ ᠶᠢᠨ ᠲᠠᠯᠠᠪᠠᠶ ᠶᠢᠨ 86.6% ᠶᠢ ᠡᠵᠡᠯᠡᠪᠡ᠃  
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ