ᠰᠢᠨ᠎ᠡ ᠴᠠᠭ ᠦᠶ᠎ᠡ ᠰᠢᠨ᠎ᠡ ᠠᠶᠠᠨ ᠵᠠᠮ ᠰᠢᠨ᠎ᠡ ᠠᠤᠭ᠎ᠠ ᠦᠢᠯᠡᠰ᠂ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2023/5/26
      ᠮᠠᠨ ᠤ ᠬᠤᠳᠠ 2019 ᠣᠨ ᠠᠴᠠ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ︾ ᠢ  ᠪᠠᠶᠢᠭᠤᠯᠵᠤ᠂ 4 ᠵᠢᠯ ᠤᠨ ᠲᠤᠷᠰᠢ᠂ ᠡᠯ᠎ᠡ ᠭᠠᠵᠠᠷ ᠤᠨ ᠶᠡᠭᠡ ᠳᠡᠭᠡᠳᠦ ᠰᠤᠷᠭᠠᠭᠤᠯᠢ ᠠᠴᠠ ᠢᠷᠡᠭᠰᠡᠨ ᠰᠤᠷᠤᠭᠴᠢᠳ ᠢ ᠲᠠᠷᠢᠶᠠᠨ ᠭᠠᠵᠠᠷ ᠪᠠ ᠠᠶᠢᠯ ᠲᠣᠰᠬᠤᠨ ᠳᠤ ᠬᠦᠨᠵᠡᠬᠡᠶᠢᠷᠡᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠶᠠᠪᠤᠴᠠ ᠳᠤ ᠠᠮᠢᠵᠢᠷᠠᠯ ᠤᠨ ᠬᠦᠴᠦᠨ ᠨᠡᠮᠡᠷᠢᠯᠡᠪᠡ ᠃      ᠷᠧᠨ ᠬᠤᠩ ᠶᠠᠩ ᠪᠣᠯ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠰᠫᠢᠷᠠᠨᠲ ᠮᠥᠨ᠂ ᠨᠢᠳᠤᠨᠤᠨ 3 ᠰᠠᠷ᠎ᠠ ᠳᠤ᠂ ᠲᠡᠷᠡ ᠬᠠᠮᠲᠤ ᠰᠤᠷᠤᠭᠴᠢᠳ ᠲᠠᠢ ᠪᠠᠨ ᠬᠠᠩᠭᠢᠨ ᠬᠤᠶᠢᠲᠤ ᠬᠤᠰᠢᠭᠤᠨ ᠤ ᠰᠠᠨ ᠳ᠋ᠤᠤ ᠴᠢᠶᠣᠤ ᠪᠠᠯᠭᠠᠰᠤᠨ ᠤ ᠰᠠᠭᠠᠯᠢ ᠶᠢᠨ ᠦᠨᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠳᠤ ᠬᠦᠷᠴᠦ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠲᠠᠢ ᠬᠠᠮᠲᠤ ᠰᠠᠭᠤᠨ ᠬᠠᠮᠲᠤ ᠬᠥᠳᠡᠯᠮᠦᠷᠢᠯᠡᠵᠦ᠂ ᠲᠠᠷᠢᠶᠠᠨ ᠭᠠᠵᠠᠷ ᠲᠤ ᠬᠢᠴᠢᠶᠡᠯᠯᠡᠨ ᠲᠠᠷᠢᠶᠠᠨ ᠭᠠᠵᠠᠷ ᠢᠶᠠᠷ ᠲᠤᠷᠰᠢᠯᠲᠠ ᠶᠢᠨ ᠲᠠᠰᠤᠭ ᠪᠤᠯᠭᠠᠵᠤ᠂ ᠦᠢᠯᠡᠳᠪᠤᠷᠢᠯᠡᠯ ᠤᠨ ᠦᠢᠯᠡᠳᠦᠯᠬᠡ ᠳᠤᠮᠳᠠᠬᠢ ᠠᠰᠠᠭᠤᠳᠠᠯ ᠢ ᠲᠤᠬᠠᠢ ᠶᠢᠨ ᠭᠠᠵᠠᠷ ᠲᠤ  ᠰᠢᠢᠳᠪᠤᠷᠢᠯᠡᠵᠤ ᠪᠠᠶᠢᠯ᠎ᠠ᠃ ᠡᠨᠡ ᠬᠤᠶᠠᠷ ᠡᠳᠦᠷ᠂ ᠷᠧᠨ ᠬᠤᠩ ᠶᠠᠩ ᠤᠨ ᠰᠢᠨ᠎ᠡ ᠮᠡᠷᠭᠡᠵᠢᠯ ᠢᠶᠠᠷ ᠳᠠᠷᠢᠭᠰᠠᠨ  ᠲᠠᠷᠢᠮᠠᠯ ᠤᠨ ᠡᠪᠡᠰᠦ ᠰᠠᠶᠢᠬᠠᠨ ᠴᠢᠬᠢᠯᠡᠵᠤ ᠡᠬᠢᠯᠡᠯ᠎ᠡ᠃ ᠷᠧᠨ ᠾᠦᠩ ᠶᠠᠩ ᠠᠴᠠ ᠰᠤᠷᠪᠤᠯᠵᠢᠯᠠᠭᠴᠢ ᠳᠤ᠂     ᠪᠢᠳᠡ ᠴᠢᠬᠢᠯᠡᠵᠤ ᠪᠠᠶᠢᠭ᠎ᠠ ᠪᠠᠶᠢᠳᠠᠯ ᠢ ᠨᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠴᠢᠬᠢ ᠶᠢᠨ ᠨᠥᠬᠦᠪᠥᠷᠢ ᠬᠢᠳᠡᠭ᠂ ᠬᠤᠵᠢᠮ ᠤᠨ ᠤᠨᠠᠯᠲᠠ ᠶᠢ ᠬᠡᠮᠵᠢᠬᠦ ᠳᠤ ᠠᠰᠢᠭᠲᠠᠶ ᠮᠦᠷᠳᠡᠬᠡᠨ ᠠᠯᠠᠭᠯᠠᠨ ᠲᠠᠷᠢᠬᠤ ᠪᠠ ᠲᠠᠩ ᠢᠶᠠᠷ ᠲᠠᠷᠢᠬᠤ ᠤᠷᠭᠤᠴᠠ ᠶᠢᠨ ᠪᠠᠶᠢᠳᠠᠯ ᠢ ᠬᠠᠷᠢᠴᠠᠭᠤᠯᠵᠤ ᠪᠤᠯᠤᠨ᠎ᠠ᠂ ᠰᠡᠭᠦᠯᠴᠢ ᠶᠢᠨ ᠬᠤᠭᠤᠴᠠᠭᠠᠨ ᠳᠤ ᠪᠢᠳᠡ ᠲᠠᠷᠢᠮᠠᠯ ᠤᠨ ᠠᠳᠠᠯᠢ ᠪᠤᠰᠤ ᠦᠷᠡᠵᠢᠯ ᠤᠨ ᠬᠤᠭᠤᠴᠠᠭᠠᠨ ᠳᠤ ᠦᠯᠢᠭᠡᠷ ᠠᠪᠴᠤ ᠬᠠᠮᠤᠭ ᠰᠡᠭᠦᠯ ᠳᠤ ᠲᠡᠭᠦᠨ ᠤ ᠰᠢᠮ᠎ᠡ ᠲᠡᠵᠢᠭᠡᠯ ᠤᠨ ᠠᠭᠤᠯᠤᠭᠳᠠᠴᠠ ᠶᠢ ᠬᠡᠮᠵᠢᠨ᠎ᠡ ᠬᠡᠵᠤ ᠪᠠᠶᠢᠯ᠎ᠠ᠃      ᠷᠧᠨ ᠬᠤᠩ ᠶᠠᠩ ᠬᠢᠴᠢᠶᠡᠯ ᠤᠨ ᠲᠠᠩᠬᠢᠮ ᠳᠤ ᠰᠣᠷᠣᠭᠰᠠᠨ ᠲᠤᠰᠬᠠᠶ ᠮᠡᠷᠭᠡᠵᠢᠯ ᠤᠨ ᠮᠡᠳᠡᠯᠭᠡ ᠪᠠᠨ   ᠪᠤᠳᠠᠳᠠᠢ ᠳᠤ ᠦᠢᠯᠡᠳᠦᠯᠬᠡᠵᠢᠬᠦᠯᠵᠤ᠂ ᠡᠪᠡᠰᠦ ᠪᠣᠷᠳᠤᠭ᠎ᠠ ᠳᠠᠷᠢᠬᠤ ᠪᠠ ᠰᠠᠭᠠᠯᠢ ᠶᠢᠨ ᠦᠨᠢᠶᠡᠨ ᠤ ᠢᠯᠭᠠᠳᠠᠰᠤ ᠪᠠᠷ ᠳᠠᠬᠢᠨ ᠳᠠᠪᠲᠠᠨ ᠲᠤᠷᠰᠢᠯᠳᠠ ᠬᠢᠬᠦ ᠪᠠᠷ ᠲᠠᠮᠵᠢᠨ ᠨᠡᠬᠡᠬᠡᠨ ᠪᠦᠳᠦᠬᠡᠭᠰᠡᠨ ᠨᠣᠭᠤᠭᠠᠨ ᠳᠠᠷᠤᠰᠢ ᠶᠢᠨ ᠡᠷᠳᠡᠨᠢ ᠰᠢᠰᠢ ᠪᠠ ᠪᠤᠷᠴᠠᠭ ᠢ ᠬᠠᠪᠰᠤᠷᠭᠠᠨ ᠬᠢᠬᠦ ᠮᠡᠷᠭᠡᠵᠢᠯ ᠨᠢ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠪᠦᠳᠦᠭᠦᠯᠢᠭ ᠤᠭᠤᠷᠠᠭ ᠤᠨ ᠠᠭᠤᠯᠤᠭᠳᠠᠴᠠ ᠶᠢ 20% ᠪᠠᠷ ᠨᠡᠮᠡᠭᠳᠡᠭᠦᠯᠵᠡᠶ᠃      ᠥᠪᠥᠷ ᠮᠣᠩᠭᠤᠯ ᠤᠨ ᠮᠠᠯ ᠠᠵᠤ ᠠᠬᠤᠢ ᠶᠢᠨ ᠵᠢᠩ ᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠶᠡᠷᠦᠩᠬᠡᠢ ᠳᠠᠭᠠᠭᠠᠮᠠᠯ ᠹᠧᠩ ᠰᠢᠶᠤᠤ ᠹᠸᠢ ᠶᠢᠨ ᠬᠡᠯᠡᠬᠦ ᠪᠠᠷ᠂ ᠡᠨᠡᠬᠦ ᠲᠡᠵᠢᠬᠡᠯ ᠡᠪᠡᠰᠦ ᠨᠢ ᠪᠢᠳᠡᠨ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠦ ᠪᠠᠶᠢᠨ᠎ᠠ᠂ ᠨᠣᠭᠤᠭᠠᠨ ᠳᠠᠷᠤᠰᠢ ᠶᠢᠨ ᠭᠠᠷᠤᠯᠲᠠ ᠶᠢ  ᠲᠡᠬᠡᠭᠰᠢᠯᠡᠬᠦᠯᠬᠦ ᠪᠠᠷ ᠪᠠᠷᠠᠬᠤ ᠦᠬᠡᠢ ᠪᠠᠰᠠ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠵᠦ᠂ ᠮᠠᠨ ᠤ ᠮᠠᠯᠵᠢᠯ ᠤᠨ ᠲᠠᠯᠠᠪᠠᠢ ᠶᠢᠨ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠬᠤ ᠦᠭᠬᠦᠭᠰᠡᠨ ᠬᠡᠵᠤ ᠪᠠᠶᠢᠯ᠎ᠠ᠃      ᠣᠶᠢᠷ᠎ᠠ ᠳᠤ᠂ ᠰᠢ ᠶᠢᠨ ᠫᠢᠩ ᠶᠡᠷᠦᠩᠬᠡᠶ ᠱᠦᠵᠢ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠰᠤᠷᠤᠭᠴᠢᠳ ᠲᠤ ᠬᠠᠷᠢᠭᠤ ᠵᠠᠬᠢᠳᠠᠯ ᠢᠯᠡᠭᠡᠵᠦ᠂ ᠵᠠᠬᠢᠳᠠᠯ ᠳᠠᠭᠠᠨ ︽ᠵᠠᠯᠠᠭᠤᠴᠤᠳ ᠵᠠᠪᠠᠯ ︿ᠥᠪᠡᠷ ᠢᠶᠠᠨ ᠵᠣᠪᠠᠯᠠᠩ ᠡᠷᠢᠬᠦ ᠬᠡᠷᠡᠭᠲᠡᠶ﹀︾ ᠭᠡᠳᠡᠭ ᠢ ᠨᠤᠲᠠᠯᠠᠵᠤ ᠪᠠᠶᠢᠬᠤ ᠪᠠᠨ ᠢᠯᠡᠳᠬᠡᠭᠰᠡᠨ ᠪᠥᠭᠡᠳ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠵᠠᠯᠠᠭᠤᠴᠤᠳ ᠳᠠᠷᠤᠶ ᠡᠶᠢᠮᠦ ᠴᠤᠭ ᠰᠦᠯᠳᠡ ᠲᠠᠢ ᠪᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠨᠢ ᠥᠷᠭᠡᠨ ᠤᠯᠠᠨ ᠵᠠᠯᠠᠭᠤᠴᠤᠳ ᠢ ᠲᠦᠢᠯ ᠤᠨ ᠶᠡᠭᠡ ᠪᠠᠷ ᠵᠣᠷᠢᠭᠵᠢᠭᠤᠯᠪᠠ᠃ ᠤᠯᠠᠨ ᠢᠶᠠᠷ ᠢᠶᠠᠨ᠂ ᠪᠣᠳᠠᠲᠤ ᠠᠵᠢᠯᠯᠠᠭ᠎ᠠ ᠪᠠᠷ ᠢᠶᠠᠨ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠤᠶᠤᠨ ᠤᠬᠠᠭᠠᠨ ᠪᠠ ᠬᠦᠴᠦ ᠬᠥᠯᠥᠰᠥ ᠪᠠᠷ ᠢᠶᠠᠨ ᠰᠢᠨ᠎ᠡ ᠠᠶᠠᠨ ᠵᠠᠮ ᠳᠤ ᠰᠢᠨ᠎ᠡ ᠭᠠᠶᠢᠬᠠᠮᠰᠢᠭ ᠢ ᠡᠭᠦᠳᠬᠦ ᠪᠠᠷ ᠴᠢᠷᠮᠠᠶᠢᠨ᠎ᠠ ᠭᠡᠵᠦ ᠢᠯᠡᠳᠬᠡᠵᠡᠬᠡᠵᠤ ᠪᠠᠶᠢᠯ᠎ᠠ᠃      ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠩᠭᠢᠨ ᠬᠤᠶᠢᠲᠤ ᠬᠤᠰᠢᠭᠤᠨ ᠳᠤ ᠰᠠᠭᠤᠭ᠎ᠠ ᠡᠷᠳᠡᠨᠢ ᠰᠢᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ  ᠬᠦᠷᠢᠶᠡᠯᠡᠩ ᠤᠨ ᠠᠰᠫᠢᠷᠠᠨᠲ ᠲᠠᠩ ᠪᠢᠨ ᠴᠢᠩ ᠠᠴᠠ᠂ ᠡᠨᠡ ᠨᠢ ᠪᠢᠳᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠠᠴᠠ ᠬᠥᠳᠡᠭᠡ ᠲᠣᠰᠬᠤᠨ ᠳᠤ ᠣᠴᠢᠵᠤ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠢᠲᠡᠭᠡᠯ ᠵᠣᠷᠢᠭ ᠢ ᠤᠯᠠᠮ ᠪᠠᠲᠤᠳᠬᠠᠵᠤ᠂ ᠰᠣᠷᠣᠭᠰᠠᠨ ᠮᠡᠳᠡᠯᠭᠡ ᠪᠠᠨ ᠲᠠᠷᠢᠶᠠᠯᠠᠩ ᠤᠨ ᠦᠢᠯᠡᠳᠦᠯᠬᠡ ᠲᠠᠢ ᠤᠶᠠᠯᠳᠤᠭᠤᠯᠪᠠᠯ ᠰᠠᠶ᠋ᠢ ᠥᠪᠡᠷ ᠤᠨ ᠴᠢᠳᠠᠪᠤᠷᠢ ᠪᠠ ᠬᠡᠪ ᠴᠢᠨᠠᠷ ᠢᠶᠠᠨ ᠦᠨᠡᠨ ᠬᠦ ᠳᠡᠭᠡᠭᠰᠢᠯᠡᠭᠦᠯᠵᠦ ᠴᠢᠳᠠᠨ᠎ᠠ ᠬᠡᠰᠡᠨ ᠢ ᠤᠶᠢᠯᠠᠭᠠᠭᠤᠯᠤᠭᠰᠠᠨ ᠬᠡᠵᠤ ᠪᠠᠶᠢᠯ᠎ᠠ᠃      ᠮᠠᠨ ᠤ ᠬᠤᠲᠠ 2019 ᠣᠨ ᠠᠴᠠ ᠡᠬᠢᠯᠡᠨ ︽ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ ᠢ ᠪᠤᠶᠢᠵᠢᠭᠤᠯᠬᠤ ᠪᠠ ᠡᠭᠦᠳᠦᠨ ᠪᠠᠶᠢᠭᠤᠯᠬᠤ ᠠᠵᠢᠯ ᠬᠢᠵᠦ᠂ ᠣᠳᠣᠬᠠᠨ ᠳᠤ᠂ ᠪᠦᠬᠦ ᠬᠤᠲᠠ ᠳᠤ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠠᠴᠠ ᠨᠡᠷᠡᠶᠢᠳᠦᠭᠰᠡᠨ ︽ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ ᠢ ᠨᠡᠶᠢᠲᠡ 15 ᠪᠠᠶᠢᠭᠤᠯᠵᠤ᠂ ᠬᠤᠲᠠ ᠶᠢᠨ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ 30 ᠪᠠᠶᠢᠭᠤᠯᠤᠨ᠂ ᠠᠮᠤ ᠪᠤᠳᠠᠭ᠎ᠠ᠂ ᠰᠦ ᠮᠢᠬ᠎ᠠ ᠨᠣᠯᠤᠤᠷ᠂ ᠵᠢᠮᠢᠰ ᠨᠣᠭᠤᠭ᠎ᠠ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠲᠡᠵᠢᠭᠡᠯ ᠡᠪᠡᠰᠦ᠂ ᠠᠮᠢᠳᠤ ᠪᠣᠳᠠᠰ ᠤᠨ ᠮᠠᠰ ᠡᠨᠧᠷᠭᠢ ᠵᠡᠷᠭᠡ ᠵᠢᠷᠭᠤᠭᠠᠨ ᠶᠡᠭᠡ ᠭᠤᠣᠯᠳᠠᠯᠭ᠎ᠠ ᠲᠠᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠨᠢᠭᠡ ᠬᠦᠷᠢᠶᠡᠯᠡᠩ ᠨᠢᠭᠡ ᠪᠦᠯᠬᠦᠮ ᠤᠨ ᠪᠠᠶᠢᠭᠤᠯᠤᠯᠲᠠ ᠶᠢᠨ ᠵᠠᠭᠪᠤᠷ ᠢᠶᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠵᠦᠶ ᠶᠢᠨ ᠡᠬᠢ ᠪᠠᠶᠠᠯᠢᠭ ᠤᠨ ᠭᠠᠵᠠᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ 70 ᠲᠤᠰᠬᠠᠶ ᠮᠡᠷᠭᠡᠵᠢᠯᠲᠡᠨ ᠤ ᠪᠦᠯᠬᠦᠮ ᠤᠨ 223 ᠬᠥᠮᠦᠨ ᠢ ᠡᠯ᠎ᠡ ᠭᠠᠵᠠᠷ ᠲᠤ ᠠᠪᠠᠴᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ ︽ᠡᠴᠦᠰ ᠤᠨ ᠨᠢᠭᠡ ᠺᠢᠯᠣᠮᠧᠲᠷ︾ ᠢ ᠪᠦᠲᠦᠮᠵᠢᠲᠡᠶ ᠨᠡᠪᠳᠡᠷᠡᠬᠦᠯᠵᠤ ᠪᠠᠶᠢᠨ᠎ᠠ᠃   
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ