ᠮᠠᠨ ᠤ ᠬᠤᠳᠠ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ | ᠠᠬᠢᠭᠤᠯᠵᠤ᠂ ᠡᠨᠡ ᠵᠢᠯ ᠤᠨ 1 — 4 ᠰᠠᠷ᠎ᠠ ᠳᠤ᠂ ᠪᠦᠬᠦ ᠬᠤᠳᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 147.74 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 64.55% ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠬᠢ ᠠᠴᠠ | 19.5 ᠵᠠᠭᠤᠨ ᠤ ᠨᠢᠭᠡᠴᠢ ᠥᠨᠳᠥᠷ ᠪᠠᠶᠢᠵᠤ᠂ ᠪᠦᠬᠦ ᠣᠷᠣᠨ ᠤ ᠨᠢᠭᠡᠳᠦᠭᠡᠷ ᠲᠤ ᠤᠷᠤᠵᠤ᠂ ᠪᠦᠬᠦ ᠵᠢᠯ ᠤᠨ ᠭᠠᠳᠠᠭᠠᠳᠤ ᠠᠷᠠᠯᠵᠢᠶᠠᠨ ᠤ ᠲᠣᠭᠲᠠᠭᠤᠨ ᠤ ᠳᠤᠮᠳᠠ | ᠰᠠᠶᠢᠵᠢᠷᠠᠬᠤ ᠳᠤ ᠰᠠᠶᠢᠨ ᠰᠠᠭᠤᠷᠢ ᠶᠢ ᠲᠠᠯᠪᠢᠵᠤ ᠥᠭᠴᠡᠢ᠃ | ᠡᠨᠡ ᠬᠡᠰᠡᠭ ᠬᠤᠭᠤᠴᠠᠭᠠᠨ ᠳᠤ᠂ ᠥᠪᠥᠷ ᠮᠣᠩᠭᠤᠯ ᠤᠨ ᠴᠠᠩ ᠰᠢᠩ ᠳ᠋ᠡ ᠠᠵᠤ ᠦᠢᠯᠡᠰ ᠤᠨ ᠬᠢᠵᠠᠭᠠᠷᠲᠤ ᠺᠣᠮᠫᠠᠨᠢ ᠦᠢᠯᠡᠳᠪᠤᠷᠢᠯᠡᠯ ᠤᠨ ᠬᠥᠭᠵᠢᠯᠲᠡᠶ | ᠤᠯᠠᠷᠢᠯ ᠢᠶᠠᠨ ᠤᠭᠲᠤᠨ ᠠᠪᠴᠢᠷᠠᠵᠤ᠂ ᠠᠵᠢᠯᠴᠢᠳ ᠴᠠᠭ ᠨᠡᠮᠡᠵᠦ ᠠᠵᠢᠯᠯᠠᠨ ᠭᠠᠳᠠᠭᠠᠳᠤ ᠠᠴᠠ ᠢᠷᠡᠭᠰᠡᠨ ᠵᠠᠬᠢᠶᠠᠯᠠᠭ᠎ᠠ ᠪᠠᠨ ᠠᠮᠵᠢᠭᠤᠯᠵᠤ ᠪᠠᠶᠢᠯ᠎ᠠ᠃ ᠴᠠᠩ ᠰᠢᠩ | ᠳ᠋ᠡ ᠪᠣᠯ ᠮᠠᠨ ᠤ ᠤᠯᠤᠰ ᠤᠨ ᠱᠢᠷᠦᠨ ᠤᠨᠵᠢᠯᠭ᠎ᠠ ᠪᠠᠷ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠣᠷᠭᠠᠨᠢᠭ ᠭᠡᠷᠡᠴᠢᠯᠡᠭᠡ ᠶᠢ ᠣᠷᠣᠭᠤᠯᠤᠭᠰᠠᠨ | ᠠᠩᠬᠠᠳᠠᠭᠴᠢ ᠺᠣᠮᠫᠠᠨᠢ ᠪᠣᠯᠤᠨ᠎ᠠ᠂ ᠳᠡᠯᠡᠬᠡᠶ ᠶᠢᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠡᠨᠡ ᠬᠡᠳᠦᠨ ᠵᠢᠯ ᠠᠵᠤ ᠠᠬᠤᠶᠢᠯᠠᠯ | ᠲᠡᠷᠢᠭᠦᠨ ᠤ ᠦᠢᠯᠡᠳᠪᠤᠷᠢᠯᠡᠯ ᠤᠨ ᠲᠥᠬᠦᠭᠡᠷᠦᠮᠵᠢ ᠶᠢ ᠲᠠᠰᠤᠷᠠᠯᠲᠠ ᠥᠬᠡᠶ ᠣᠷᠣᠭᠤᠯᠤᠨ ᠠᠪᠴᠢᠷᠠᠵᠤ᠂ ᠦᠢᠯᠡᠳᠬᠦᠨ ᠤ ᠦᠢᠯᠡᠳᠪᠤᠷᠢᠯᠡᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠭᠠᠳᠠᠭᠠᠳᠤ ᠶᠢᠨ ᠡᠬᠢ ᠪᠠᠶᠠᠯᠢᠭ ᠢ ᠢᠳᠡᠪᠬᠢᠲᠡᠶ ᠠᠰᠢᠬᠯᠠᠨ᠂ ᠠᠷᠠᠯᠵᠢᠶᠠᠨ ᠤ ᠬᠠᠷᠢᠴᠠᠭ᠎ᠠ ᠪᠠᠶᠢᠭᠤᠯᠵᠤ᠂ | ᠣᠳᠣᠬᠠᠨ ᠳᠤ᠂ ᠦᠢᠯᠡᠳᠬᠦᠨ ᠨᠢ 26 ᠤᠯᠤᠰ ᠪᠠ ᠭᠠᠵᠠᠷ ᠣᠷᠣᠨ ᠳᠤ ᠪᠣᠷᠣᠯᠠᠭᠤᠯᠤᠭᠳᠠᠵᠤ ᠪᠠᠶᠢᠨ᠎ᠠ᠃ ᠡᠨᠡ ᠵᠢᠯ ᠤᠨ 1 — 4 ᠰᠠᠷ᠎ᠠ ᠳᠤ᠂ ᠠᠵᠤ | ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠤᠨ ᠵᠠᠬᠢᠶᠠᠯᠠᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 50% ᠪᠠᠷ ᠨᠡᠮᠡᠭᠳᠡᠵᠦ᠂ ᠦᠢᠯᠡᠳᠬᠦᠨ ᠤ | ᠥᠷᠲᠡᠭ ᠨᠢ 3000 ᠲᠦᠮᠡᠨ ᠲᠥᠭᠦᠷᠢᠭ ᠲᠤ ᠬᠦᠷᠴᠡᠢ᠃ | ᠤᠷᠠᠳ ᠤᠨ ᠡᠮᠦᠨᠡᠲᠦ ᠬᠤᠰᠢᠭᠤᠨ ᠤ ᠴᠠᠩ ᠰᠢᠩ ᠳ᠋ᠡ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠶᠦᠩ ᠱᠧᠩ ᠤᠨ | ᠬᠡᠯᠡᠬᠦ ᠪᠠᠷ᠂ 6 ᠰᠠᠷ᠎ᠠ ᠳᠤ ᠤᠷᠤᠰ ᠤᠨ ᠤᠯᠠᠨ ᠤᠯᠤᠰ ᠤᠨ ᠢᠳᠡᠭᠡᠨ ᠤ ᠦᠵᠡᠰᠬᠦᠯᠡᠩ ᠳᠤ ᠣᠷᠣᠯᠴᠠᠵᠤ᠂ 7 ᠰᠠᠷ᠎ᠠ ᠳᠤ ᠶᠠᠫᠣᠨ ᠤ ᠲᠤᠤᠺᠢᠣ᠋ ᠶᠢᠨ ᠡᠮ | ᠦᠢᠯᠡᠳᠬᠦ ᠲᠦᠭᠦᠬᠡᠢ ᠮᠠᠲ᠋ᠧᠷᠢᠶᠠᠯ ᠤᠨ ᠦᠵᠡᠰᠬᠦᠯᠡᠩ ᠳᠤ ᠤᠷᠤᠯᠴᠠᠨ᠂ 8 ᠰᠠᠷ᠎ᠠ ᠳᠤ ᠭᠧᠷᠮᠠᠨ ᠤ ᠺᠤᠯᠤᠨ ᠤ ᠣᠷᠭᠠᠨᠢᠭ ᠢᠳᠡᠭᠡᠨ ᠤ ᠦᠵᠡᠰᠬᠦᠯᠡᠩ ᠳᠤ | ᠣᠷᠣᠯᠴᠠᠨ᠎ᠠ᠂ ᠡᠳᠡᠭᠡᠷ ᠦᠵᠡᠰᠬᠦᠯᠡᠩ ᠢᠶᠠᠷ ᠳᠠᠮᠵᠢᠭᠤᠯᠤᠨ ᠭᠠᠳᠠᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠵᠦ᠂ ᠮᠠᠨ ᠤ ᠭᠠᠳᠠᠭᠠᠳᠤ ᠳᠤ ᠭᠠᠷᠭᠠᠬᠤ ᠬᠡᠮᠵᠢᠶ᠎ᠡ ᠪᠠᠨ | ᠨᠡᠮᠡᠭᠳᠡᠭᠦᠯᠦᠨ᠎ᠡ᠃ ᠭᠠᠳᠠᠭᠠᠳᠤ ᠲᠠᠢ ᠬᠠᠮᠲᠤᠷᠠᠨ ᠠᠵᠢᠯᠯᠠᠬᠤ ᠲᠠᠯ᠎ᠠ ᠪᠠᠷ᠂ ᠪᠢᠳᠡ ᠤᠳᠤ ᠶᠠᠭ ᠹᠷᠠᠨᠼᠢ ᠶᠢᠨ ᠸᠢᠰᠺᠡ ᠺᠣᠮᠫᠠᠨᠢ ᠲᠠᠢ ᠬᠠᠮᠲᠤᠷᠠᠨ ᠨᠢᠭᠡᠨ | ᠭᠠᠳᠠᠭᠠᠳᠤ ᠶᠢᠨ ᠬᠥᠮᠥᠷᠭᠡ ᠪᠠᠶᠢᠭᠤᠯᠵᠤ᠂ ᠮᠠᠨ ᠤ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠢᠶᠠᠨ ᠨᠡᠩ ᠤᠯᠠᠨ ᠨᠡᠩ ᠰᠠᠶᠢᠨ ᠢᠶᠠᠷ | ᠳᠡᠯᠡᠬᠡᠶ ᠶᠢᠨ ᠬᠡᠪᠴᠢᠶᠡᠨ ᠳᠤ ᠭᠠᠷᠭᠠᠬᠤ ᠪᠠᠷ ᠴᠢᠷᠮᠠᠶᠢᠵᠤ ᠪᠠᠶᠢᠨ᠎ᠠ ᠬᠡᠵᠤ ᠪᠠᠶᠢᠯ᠎ᠠ᠃ | ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠮᠠᠨ ᠤ | ᠬᠤᠲᠠ ︽ᠦᠢᠯᠡᠴᠢᠯᠡᠭᠡ ᠶᠢ ᠰᠢᠯᠢᠳᠡᠭᠵᠢᠭᠦᠯᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠵᠠᠬ᠎ᠠ ᠳᠡᠯᠭᠡᠭᠦᠷ ᠢ ᠥᠷᠭᠡᠳᠬᠡᠬᠦ︾ ᠵᠡᠷᠭᠡ ᠠᠷᠭ᠎ᠠ ᠬᠡᠮᠵᠢᠶ᠎ᠡ | ᠠᠪᠴᠤ᠂ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠲᠤᠭᠳᠠᠭᠠᠨ᠂ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭ ᠢ | ᠪᠤᠶᠢᠵᠢᠭᠤᠯᠬᠤ᠂ ᠣᠯᠠᠨ ᠤᠯᠤᠰ ᠤᠨ ᠡᠵᠡᠩᠨᠡᠨ ᠪᠣᠷᠣᠯᠠᠭᠤᠯᠬᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠬᠦ ᠶᠢᠨ ᠬᠠᠮᠲᠤ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶ᠎ᠠ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ | ᠵᠡᠷᠭᠡ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠬᠥᠭᠵᠢᠯᠲᠡ ᠶᠢ ᠠᠬᠢᠭᠤᠯᠵᠤ ᠂ ᠪᠥᠬᠦ ᠬᠤᠲᠠ ᠶᠢᠨ | ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠦᠷᠭᠦᠯᠵᠢᠯᠡᠨ ᠨᠡᠮᠡᠭᠳᠡᠬᠦ ᠬᠠᠨᠳᠤᠰᠢ ᠶᠢ ᠠᠬᠢᠭᠤᠯᠵᠤ ᠪᠠᠶᠢᠨ᠎ᠠ᠃ ᠡᠨᠡ ᠵᠢᠯ ᠤᠨ 1 — | 4 ᠰᠠᠷ᠎ᠠ ᠳᠤ᠂ ᠪᠥᠬᠦ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 22.82 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 21.14% ᠪᠠᠷ ᠨᠡᠮᠡᠭᠳᠡᠨ᠂ ᠭᠠᠭᠴᠠᠮᠤᠳᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ᠂ ᠵᠡᠰ ᠤᠨ ᠠᠷᠠᠯᠵᠢᠶᠠᠨ ᠤ | ᠬᠡᠮᠵᠢᠶ᠎ᠡ 1000 ᠲᠦᠮᠡᠨ ᠲᠣᠨ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 419.88% ᠨᠡᠮᠡᠭᠳᠡᠵᠤ᠂ ᠤᠯᠤᠰ ᠤᠨ ᠬᠤᠭᠤᠷᠣᠨᠳᠣᠬᠢ ᠡᠵᠡᠩᠨᠡᠨ | ᠪᠣᠷᠣᠯᠠᠭᠤᠯᠤᠯᠲᠠ ᠶᠢ 1.1 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠬᠦᠯᠦᠭᠰᠡᠨ ᠪᠠᠶᠢᠨ᠎ᠠ᠃ | | |