ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠵᠣᠷᠯᠣᠩ ᠤᠨ  ᠦᠭᠡᠷᠡᠴᠢᠯᠡᠯᠳᠡ  ᠶᠢ ᠠᠬᠢᠭᠤᠯᠵᠤ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/5/26
      ᠮᠠᠨ ᠤ ᠬᠤᠳᠠ ︿ᠵᠣᠷᠯᠣᠩ ᠤᠨ  ᠦᠭᠡᠷᠡᠴᠢᠯᠡᠯᠳᠡ﹀ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠢᠨᠠᠭᠰᠢᠳᠠ ᠰᠠᠶᠢᠵᠢᠷᠠᠭᠤᠯᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ  ᠲᠡᠭᠡᠭᠰᠢᠯᠡᠬᠦᠯᠵᠤ ᠪᠠᠶᠢᠨ᠎ᠠ ᠃      ᠲᠡᠷᠢ ᠲᠡᠭᠰᠢ ᠱᠠᠯᠠ ᠶᠢᠨ ᠲᠣᠭᠤᠰᠬ᠎ᠠ᠂ ᠴᠠᠪ ᠴᠠᠭᠠᠨ ᠵᠣᠷᠯᠣᠩ ᠤᠨ ᠬᠡᠷᠡᠭᠰᠡᠯ᠂ ᠡᠨᠡ ᠪᠣᠯ ᠰᠤᠷᠪᠤᠯᠵᠢᠯᠠᠭᠴᠢ  ᠦᠶᠤᠸᠠᠨ‌‍ᠰᠢᠶᠠᠨ ᠤ ᠱᠧᠩ  ᠹᠧᠩ ᠪᠠᠯᠭᠠᠰᠤᠨ ᠤ ᠰᠢᠨ ᠱᠧᠩ ᠲᠣᠰᠬᠤᠨ ᠤ ᠠᠷᠠᠳ ᠯᠢᠦ ᠵᠧᠨ  ᠬᠤᠸᠠ ᠶᠢᠨ ᠬᠡᠷ ᠲᠤ ᠣᠯᠵᠤ ᠦᠵᠡᠭᠰᠡᠨ ᠦᠵᠡᠭᠳᠡᠯ ᠪᠣᠯᠤᠨ᠎ᠠ᠃  ᠤᠰᠤ ᠪᠠᠷ ᠤᠬᠢᠶᠠᠬᠤ ᠵᠣᠷᠯᠣᠩ ᠤᠭᠰᠠᠷᠠᠭᠰᠠᠨ ᠠᠴᠠ ᠨᠠᠰᠢ ᠯᠢᠦ ᠵᠧᠨ  ᠬᠤᠸᠠ ᠶᠢᠨ ᠠᠮᠢᠳᠤᠷᠠᠯ ᠤᠨ ᠴᠢᠨᠠᠷ ᠴᠢᠨᠰᠠᠭ᠎ᠠ ᠮᠠᠰᠢ ᠶᠡᠭᠡ ᠳᠡᠭᠡᠭᠰᠢᠯᠡᠯᠲᠡ ᠲᠠᠢ ᠪᠣᠯᠪᠠ᠃      ᠦᠶᠤᠸᠠᠨ‌‍ᠰᠢᠶᠠᠨ ᠤ ᠱᠧᠩ ᠹᠧᠩ ᠪᠠᠯᠭᠠᠰᠤᠨ ᠤ ᠰᠢᠨ ᠱᠧᠩ ᠲᠣᠰᠬᠤᠨ ᠤ ᠠᠷᠠᠳ ᠯᠢᠦ ᠵᠧᠨ  ᠬᠤᠸᠠ ᠶᠢᠨ ᠬᠡᠯᠡᠬᠦ ᠪᠠᠷ᠂  ᠤᠤᠯ ᠨᠢ ᠤᠰᠤ ᠪᠠᠷ ᠤᠬᠢᠶᠠᠬᠤ ᠵᠣᠷᠯᠣᠩ ᠪᠠᠶᠢᠬᠤ ᠦᠭᠡᠢ ᠦᠶ᠎ᠡ ᠳᠤ ᠲᠤᠩ ᠳᠥᠭᠦᠮ ᠦᠭᠡᠢ᠂ ᠠᠷᠢᠭᠤᠨ ᠴᠡᠪᠡᠷ  ᠦᠭᠡᠢ᠂ ᠢᠯᠠᠩᠭᠤᠶ᠎ᠠ ᠵᠤᠨ ᠤ ᠤᠯᠠᠷᠢᠯ  ᠳᠤ  ᠦᠮᠤᠭᠡᠢ ᠦᠨᠦᠷ  ᠭᠠᠷᠳᠠᠭ᠃  ᠤᠳᠤ ᠵᠣᠷᠯᠣᠩ ᠢ  ᠦᠭᠡᠷᠡᠴᠢᠯᠡᠭᠰᠡᠨ ᠠᠴᠠ ᠦᠮᠡᠬᠡᠶ ᠦᠨᠦᠷ ᠦᠭᠡᠢ᠂ ᠮᠠᠰᠢ ᠴᠡᠪᠡᠷᠬᠡᠨ ᠪᠤᠯᠤᠭᠰᠠᠨ ᠭᠡᠵᠤ ᠪᠠᠶᠢᠯ᠎ᠠ᠃      ᠵᠣᠷᠯᠣᠩ ᠨᠢ ᠠᠷᠠᠳ ᠤᠨ ᠠᠮᠢᠳᠤᠷᠠᠯ ᠲᠠᠢ ᠬᠤᠯᠪᠣᠭᠳᠠᠨ᠎ᠠ᠃ ᠡᠨᠡ ᠵᠢᠯ  ᠦᠶᠤᠸᠠᠨ ᠰᠢᠶᠠᠨ ᠥᠷᠭᠡᠨ ᠢᠶᠠᠷ ᠲᠠᠶᠢᠴᠢᠯᠠᠨ ᠤᠬᠠᠭᠤᠯᠵᠤ᠂ ᠥᠭᠡᠷᠡᠴᠢᠯᠡᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠲᠣᠭᠲᠠᠭᠠᠵᠤ᠂ ᠬᠥᠳᠡᠭᠡ ᠲᠣᠰᠬᠤᠨ ᠤ ᠵᠣᠷᠯᠣᠩ ᠤᠨ  ᠦᠭᠡᠷᠡᠴᠢᠯᠡᠯᠳᠡ  ᠶᠢ ᠨᠡᠩ ᠬᠦᠨᠵᠡᠭᠡᠢ ᠠᠬᠢᠭᠤᠯᠵᠤ᠂ ᠬᠦᠳᠡᠭᠡ ᠲᠤᠰᠬᠤᠨ ᠤ  ᠵᠤᠷᠯᠤᠩ ᠢ ᠨᠡᠩ ᠠᠷᠢᠭᠤᠨ ᠴᠡᠪᠡᠷ ᠪᠤᠯᠭᠠᠵᠤ ᠪᠠᠶᠢᠨ᠎ᠠ᠃      ᠦᠶᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶᠠᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠨ ᠮᠢᠨ ᠤ ᠬᠡᠯᠡᠬᠦ  ᠪᠠᠷ᠂  ᠡᠨᠡ ᠵᠢᠯ ᠤᠨ ᠬᠠᠷᠠᠯᠲᠠ ᠡᠭᠦᠷᠭᠡ ᠪᠣᠯ 508 ᠡᠷᠦᠬᠡ ᠶᠢᠨ ᠭᠡᠷ ᠳᠣᠲᠣᠷᠠᠬᠢ ᠤᠰᠤ ᠪᠠᠷ ᠤᠬᠢᠶᠠᠬᠤ ᠵᠣᠷᠯᠣᠩ ᠢ ᠰᠢᠨ᠎ᠡ ᠪᠠᠷ ᠪᠠᠶᠢᠭᠤᠯᠬᠤ ᠶᠠᠪᠤᠳᠠᠯ ᠪᠣᠯᠤᠨ᠎ᠠ᠂ ᠵᠣᠬᠢᠶᠠᠨ ᠪᠠᠶᠢᠭᠤᠯᠤᠨ  ᠲᠠᠶᠢᠴᠢᠯᠡᠵᠤ᠂ ᠲᠤᠬᠢᠷᠠᠭᠤᠯᠤᠨ ᠪᠠᠶᠢᠷᠢᠯᠠᠭᠤᠯᠬᠤ ᠪᠠᠷ ᠳᠠᠮᠵᠢᠨ᠂ ᠤᠳᠤ ᠨᠢᠭᠡᠨᠲᠡ ᠲᠦᠷᠦᠯ ᠵᠦᠢᠯ ᠢ ᠬᠡᠷᠡᠭᠵᠢᠭᠦᠯᠬᠦ ᠱᠠᠲᠤᠨ ᠳᠤ ᠣᠷᠣᠵᠤ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ  ᠶᠢ  ᠲᠠᠭᠤᠰᠬᠠᠬᠤ ᠪᠠᠷ ᠲᠥᠯᠥᠪᠯᠡᠵᠦ ᠪᠤᠢ ᠭᠡᠵᠤ ᠪᠠᠶᠢᠯ᠎ᠠ᠃      ᠵᠣᠷᠯᠣᠩ ᠤᠨ ᠦᠭᠡᠷᠡᠴᠢᠯᠡᠯᠳᠡ ᠢ ᠳᠥᠯᠭᠢᠨ ᠠᠬᠢᠭᠤᠯᠵᠤ᠂ ᠮᠠᠨ ᠤ ᠬᠤᠲᠠ ︽ᠨᠢᠭᠡ ᠡᠷᠦᠬᠡ ᠳᠤ ᠨᠢᠭᠡ ᠵᠣᠷᠯᠣᠩ ᠨᠢᠭᠡ ᠲᠠᠩᠰᠠ ᠡᠪᠬᠡᠮᠡᠯ︾ ᠤᠨ  ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠡᠷᠦᠬᠡ ᠶᠢᠨ ᠵᠣᠷᠯᠣᠩ ᠪᠠ ᠠᠰᠠᠭᠤᠳᠠᠯ ᠲᠠᠢ ᠵᠣᠷᠯᠣᠩ ᠢ  ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠶᠢᠨ ︽ᠡᠷᠬᠢᠨ ᠬᠠᠷᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠢᠳᠤᠨᠤᠨ ᠵᠢᠯ ᠤᠨ ᠥᠭᠡᠷᠡᠴᠢᠯᠡᠨ ᠪᠠᠶᠢᠭᠤᠯᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠡᠨᠡ ᠵᠢᠯ᠂ ᠪᠥᠬᠦ ᠬᠤᠲᠠ ᠳᠤ ᠨᠡᠶᠢᠲᠡ 4880 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠬᠠᠷᠠᠯᠲᠠ ᠶᠢᠨ ᠡᠭᠦᠷᠭᠡ ᠶᠢ ᠬᠡᠷᠡᠭᠵᠢᠭᠦᠯᠵᠦ᠂ ᠣᠲᠣ ᠪᠣᠯᠲᠠᠯ᠎ᠠ᠂ ᠨᠢᠭᠡᠨᠲᠡ 1017 ᠡᠷᠦᠬᠡ ᠶᠢᠨ ᠵᠣᠷᠯᠣᠩ ᠢ ᠡᠬᠢᠯᠡᠨ ᠪᠠᠶᠢᠭᠤᠯᠵᠤ᠂ 777 ᠡᠷᠦᠬᠡ ᠶᠢᠨ ᠵᠣᠷᠯᠣᠩ ᠢ ᠪᠠᠷᠢᠵᠤ ᠳᠠᠭᠤᠰᠬᠠᠪᠠ᠃      ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠵᠢᠶᠠ ᠴᠥᠩ ᠢ᠄ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠬᠠᠷᠠᠯᠲᠠ ᠶᠢᠨ ᠡᠭᠦᠷᠭᠡ ᠶᠢ ᠦᠷᠭᠦᠯᠵᠢᠯᠡᠨ ᠴᠢᠩᠭ᠎ᠠ ᠠᠳᠬᠤᠵᠤ᠂ ᠡᠷᠲᠡ ᠠᠴᠠ ᠠᠵᠢᠯ ᠡᠬᠢᠯᠡᠭᠦᠯᠵᠦ᠂ ᠡᠷᠲᠡ ᠠᠴᠠ ᠰᠢᠯᠭᠠᠨ ᠠᠪᠴᠤ᠂ 2023 ᠣᠨ ᠤ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ  ᠦᠭᠡᠷᠡᠴᠢᠯᠡᠯᠳᠡ ᠶᠢᠨ ᠡᠳ᠋ ᠤᠨ ᠵᠠᠰᠠᠭ ᠤᠨ ᠱᠠᠩᠨᠠᠵᠤ ᠨᠥᠬᠦᠪᠥᠷᠢᠯᠡᠬᠦ ᠪᠠᠯᠠ ᠮᠥᠩᠭᠦ 1494 ᠲᠦᠮᠡᠨ ᠲᠥᠭᠦᠷᠢᠭ ᠢ ᠨᠢᠭᠡᠨᠲᠡ ᠬᠤᠰᠢᠭᠤ ᠰᠢᠶᠠᠨ ᠲᠣᠭᠤᠷᠢᠭ ᠲᠤ ᠪᠦᠬᠦᠨ ᠢ  ᠬᠤᠪᠢᠶᠠᠷᠢᠯᠡᠨ ᠥᠭᠴᠦ᠂ ᠡᠷᠦᠬᠡ ᠶᠢᠨ ᠵᠣᠷᠯᠣᠩ  ᠤᠨ ᠦᠭᠡᠷᠡᠴᠢᠯᠡᠯᠳᠡ ᠶᠢᠨ ᠴᠢᠨᠠᠷ ᠴᠢᠨᠰᠠᠭ᠎ᠠ  ᠶᠢ ᠦᠨᠡᠨ ᠬᠦ ᠪᠠᠲᠤᠯᠠᠨ᠎ᠠ  ᠭᠡᠵᠤ ᠪᠠᠶᠢᠯ᠎ᠠ᠃   
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ