ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/5/26
      ᠡᠨᠡ ᠵᠢᠯ᠂ ᠮᠠᠨ ᠤ ᠬᠤᠳᠠ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠤᠯᠭᠠᠨ᠂ ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠤ ᠪᠠᠶᠢᠨ᠎ᠠ᠃       ᠰᠤᠷᠪᠤᠯᠵᠢᠯᠠᠭᠴᠢ 215 ᠮᠤᠵᠢ ᠶᠢᠨ ᠵᠠᠮ ᠤᠨ ᠥ ᠪᠤᠯᠠᠭ ᠤᠨ ᠠᠮᠠ ᠠᠴᠠ ᠰᠢᠨ ᠠᠨ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠤᠷ ᠲᠤ ᠭᠦᠷᠭᠦ ᠳᠤ᠂ ᠠᠵᠢᠯᠴᠢᠳ ᠶᠠᠭ ᠰᠠᠶᠢᠬᠠᠨ ᠵᠠᠮ ᠤᠨ ᠰᠠᠭᠤᠷᠢ᠂ ᠬᠥᠭᠦᠷᠭᠡ ᠶᠢᠨ ᠭᠤᠯᠳᠤᠩ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠶᠠᠭᠠᠷᠠᠯᠳᠠᠢ ᠭᠢᠵᠤ ᠪᠠᠶᠢᠭ᠎ᠠ ᠶᠢ ᠤᠯᠵᠤ ᠬᠠᠷᠠᠯ᠎ᠠ᠃ ᠣᠶᠢᠯᠠᠭᠠᠭᠰᠠᠨ ᠢᠶᠠᠷ᠂  ᠲᠣᠰ  ᠢᠨᠵᠧᠨᠧᠷᠢᠩ  ᠤᠨ ᠶᠡᠷᠦᠩᠬᠡᠢ  ᠪᠡᠯᠡ  ᠣᠷᠤᠭᠤᠯᠤᠯᠲᠠ   ᠨᠢ  2.5 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠱᠤᠭᠤᠮ ᠢᠶᠠᠷ ᠢᠶᠠᠨ ᠪᠠᠷᠤᠭᠰᠢᠨ ᠪᠧᠲ᠋ᠤᠨ ᠤ ᠵᠠᠮ ᠤᠨ ᠭᠠᠳᠠᠷᠭᠤ ᠶᠢ ᠬᠡᠷᠡᠭᠯᠡᠵᠦ᠂ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠢᠭᠤᠯᠵᠤ᠂ ᠲᠦᠷᠦᠯ ᠵᠦᠢᠯ ᠢ ᠪᠠᠢᠭᠤᠯᠤᠭᠰᠠᠨ ᠤ ᠳᠠᠷᠠᠭ᠎ᠠ ᠵᠠᠮ ᠳᠠᠭᠠᠤ ᠶᠢᠨ ᠭᠠᠳᠠᠭᠰᠢ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠵᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠭᠦᠢᠯᠭᠡᠭᠡ ᠶᠢ ᠲᠦᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠳᠣᠬᠠᠨ ᠳᠤ᠂ 3 ᠲᠦᠮᠡᠨ ᠲᠡᠭᠰᠢ ᠳᠥᠷᠪᠡᠯᠵᠢᠨ ᠮᠧᠲᠷ ᠤᠨ ᠭᠠᠳᠠᠷᠭᠤ ᠶᠢᠨ ᠰᠢᠷᠣᠢ ᠶᠢ ᠴᠡᠪᠡᠷᠯᠡᠵᠤ᠂  2.6 ᠲᠦᠮᠡᠨ ᠪᠣᠰᠤᠭ᠎ᠠ ᠳᠥᠷᠪᠡᠯᠵᠢᠨ  ᠮᠧᠲᠷ ᠰᠢᠷᠦᠢ  ᠶᠢ ᠪᠤᠴᠠᠭᠠᠨ ᠲᠦᠭᠦᠷᠭᠡᠵᠤ᠂ ᠶᠡᠷᠦᠩᠬᠡᠢ ᠭᠢᠭᠦ ᠦᠷᠳᠡᠭ ᠤᠨ 10% ᠶᠢ ᠪᠡᠶᠡᠯᠡᠭᠦᠯᠪᠡ᠃       215 ᠮᠤᠵᠢ ᠶᠢᠨ ᠵᠠᠮ ᠤᠨ ᠲᠥᠷᠥᠯ ᠵᠦᠢᠯ ᠤᠨ ᠳᠡᠳ᠋ ᠳᠠᠭᠠᠭᠠᠮᠠᠯ ᠸᠠᠩ ᠰᠢᠶᠣᠣ ᠳ᠋ᠦᠩ ᠰᠤᠷᠪᠤᠯᠵᠢᠯᠠᠭᠴᠢ ᠳᠤ ᠲᠥᠷᠥᠯ ᠵᠦᠢᠯ ᠨᠢ 2023 ᠣᠨ ᠤ 3 ᠰᠠᠷ᠎ᠠ ᠶᠢᠨ 2 ᠤᠨ ᠡᠳᠦᠷ ᠠᠴᠠ ᠵᠢᠩᠬᠢᠨᠢ ᠪᠠᠷ ᠡᠭᠢᠯᠡᠭᠰᠡᠨ᠂ ᠣᠳᠣᠬᠠᠨ ᠳᠤ ᠶᠠᠭ ᠰᠢᠷᠣᠢ ᠶᠢᠨ ᠪᠠᠷᠢᠯᠭ᠎ᠠ ᠶᠢᠨ ᠠᠵᠢᠯ ᠭᠢᠵᠤ ᠪᠠᠶᠢᠨ᠎ᠠ᠂ ᠵᠢᠱᠢᠯᠲᠡ ᠪᠠᠷ ᠡᠨᠡ ᠵᠢᠯ ᠤᠨ 10 ᠰᠠᠷ᠎ᠠ ᠶᠢᠨ 31 ᠪᠤᠯᠬᠤ ᠳᠤ ᠭᠤᠣᠯ ᠪᠠᠷᠢᠯᠭ᠎ᠠ ᠶᠢᠨ ᠠᠵᠢᠯ ᠳᠠᠭᠤᠰᠬᠤ ᠪᠣᠯᠣᠨ᠎ᠠ ᠭᠡᠪᠡ᠃       ᠡᠨᠡ ᠵᠢᠯ ᠤᠨ 4 ᠰᠠᠷ᠎ᠠ ᠳᠤ᠂ ᠭᠦᠭᠡᠦ᠌ᠨᠳᠤᠷ ᠪᠠᠯᠭᠠᠰᠤ ᠠᠴᠠ ᠤᠤ ᠶᠢᠨ ᠭᠤᠤᠯ ᠰᠤᠮᠤ ᠭᠦᠷᠭᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠦᠷᠭᠦᠯᠵᠢᠯᠡᠨ ᠪᠠᠶᠢᠭᠤᠯᠬᠤ ᠪᠠᠷᠢᠯᠭ᠎ᠠ ᠠᠵᠢᠯ ᠢᠶᠠᠨ ᠡᠭᠢᠯᠡᠭᠦᠯᠦᠨ᠂ 8 ᠰᠠᠷ᠎ᠠ ᠶᠢᠨ ᠰᠡᠭᠦᠯᠴᠢ ᠪᠠᠷ ᠲᠡᠷᠭᠡ ᠨᠡᠪᠳᠡᠷᠡᠭᠦ ᠪᠤᠯᠤᠨ᠎ᠠ᠃ ᠣᠶᠢᠯᠠᠭᠠᠭᠰᠠᠨ ᠢᠶᠠᠷ᠂ ᠡᠨᠡᠭᠦ ᠵᠠᠰᠠᠮᠠᠯ ᠵᠠᠮ ᠤᠨ ᠡᠬᠢᠯᠡᠯᠲᠡ ᠶᠢᠨ ᠴᠡᠭ ᠨᠢ ᠤᠷᠠᠳ ᠤᠨ ᠬᠤᠶᠢᠲᠤ ᠬᠤᠰᠢᠭᠤᠨ ᠤ ᠭᠦᠭᠡᠦ᠌ᠨᠳᠤᠷ ᠪᠠᠯᠭᠠᠰᠤ᠂ ᠡᠴᠦᠰ ᠤᠨ ᠴᠡᠭ ᠨᠢ ᠤᠤ ᠶᠢᠨ ᠭᠤᠤᠯ ᠰᠤᠮᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 54.67 ᠺᠢᠯᠣᠮᠧᠲᠷ ᠲᠤ ᠬᠦᠷᠴᠦ᠂ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠵᠠᠮ ᠤᠨ ᠲᠣᠣᠷ ᠤᠨ ᠪᠦᠲᠦᠴᠡ ᠶᠢ ᠴᠢᠨᠠᠭᠰᠢᠳᠠ ᠲᠡᠭᠦᠯᠳᠡᠷᠵᠢᠭᠦᠯᠦᠨ᠂ ᠬᠡᠰᠡᠭ ᠭᠠᠵᠠᠷ ᠤᠨ ᠵᠠᠮ ᠬᠠᠷᠢᠯᠴᠠᠭᠠᠨ ᠤ ᠳᠠᠷᠤᠯᠲᠠ ᠶᠢ ᠬᠥᠩᠭᠡᠷᠡᠭᠦᠯᠵᠦ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠭᠦ ᠪᠤᠯᠤᠨ᠎ᠠ᠃       ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠶᠧᠦ ᠯᠢᠶᠠᠨ ᠲᠣᠰᠬᠤᠨ ᠤ ᠠᠷᠠᠳ ᠸᠠᠩ ᠬᠠᠢ ᠵᠢᠶᠦ᠋ᠨ ᠰᠤᠷᠪᠤᠯᠵᠢᠯᠠᠭᠴᠢ ᠳᠤ ᠵᠠᠮ ᠢ ᠰᠠᠶᠢᠬᠠᠨ ᠵᠠᠰᠠᠭᠰᠠᠨ ᠤ ᠳᠠᠷᠠᠭ᠎ᠠ᠂ ᠪᠢᠳᠡᠨ ᠤ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠲᠦᠷᠭᠡᠨ ᠵᠥᠭᠡᠭᠡᠪᠦᠷᠢᠯᠡᠨ ᠭᠠᠷᠭᠠᠵᠤ ᠴᠢᠳᠠᠬᠤ ᠮᠥᠷᠲᠡᠭᠡᠨ ᠬᠥᠳᠡᠭᠡ ᠲᠣᠰᠬᠤᠨ ᠤ ᠠᠵᠤ ᠠᠬᠤᠢ ᠶᠢ ᠴᠤ ᠲᠠᠶᠢᠴᠢᠯᠠᠵᠦ ᠴᠢᠳᠠᠨ᠎ᠠ ᠭᠡᠪᠡ᠃      ᠵᠠᠮ ᠲᠡᠭᠡᠭᠡᠪᠦᠷᠢ ᠪᠣᠯ ᠠᠵᠤ ᠠᠬᠤᠢ ᠶᠢᠨ ᠡᠷᠭᠢᠯᠲᠡ ᠶᠢᠨ ᠠᠮᠢᠨ ᠰᠤᠳᠠᠰᠤ ᠮᠥᠨ᠃ ︽ᠲᠣᠮᠣ ᠵᠠᠮ ᠬᠠᠷᠢᠯᠴᠠᠭ᠎ᠠ ᠶᠢ ᠵᠣᠯᠭᠠᠭᠤᠯᠵᠤ᠂ ᠲᠣᠮᠣ ᠲᠣᠣᠷ ᠰᠦᠯᠵᠢᠶ᠎ᠡ ᠶᠢ ᠪᠠᠶᠢᠭᠤᠯᠵᠤ᠂ ᠪᠢᠴᠢᠯ ᠡᠷᠭᠢᠯᠲᠡ ᠶᠢ ᠰᠠᠭᠠᠳ ᠦᠭᠡᠢ ᠨᠡᠪᠳᠡᠷᠡᠭᠦᠯᠭᠦ︾ ᠶᠡᠷᠦᠩᠬᠡᠢ ᠰᠡᠳᠬᠢᠮᠵᠢ ᠪᠠᠷ᠂ ᠮᠠᠨ ᠤ ᠬᠤᠲᠠ ᠳᠣᠲᠣᠷ᠎ᠠ ᠪᠠᠨ ᠰᠠᠭᠠᠳ ᠦᠭᠡᠢ ᠪᠥᠭᠡᠳ ᠭᠠᠳᠠᠨ᠎ᠠ ᠪᠠᠨ ᠬᠤᠯᠪᠣᠯᠳᠤᠭᠰᠠᠨ ᠵᠠᠮ ᠬᠠᠷᠢᠯᠴᠠᠭᠠᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠪᠠ᠃  2023 ᠣᠨ ᠳᠤ ᠪᠥᠬᠦ ᠬᠤᠲᠠ ᠪᠠᠷ ᠢᠶᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 40 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 1360 ᠺᠢᠯᠣᠮᠧᠲᠷ ᠤᠨ ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠲᠦᠯᠦᠪᠯᠡᠵᠤ᠂ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ 8  ᠶᠢ ᠭᠡᠷᠡᠭᠵᠢᠭᠦᠯᠦᠨ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ ᠪᠠᠷᠤᠭ 460 ᠺᠢᠯᠣᠮᠧᠲᠷ ᠲᠤ ᠬᠦᠷᠴᠦ᠂ ᠨᠡᠯᠢᠶᠡᠳ ᠠᠷᠪᠢᠨ ᠬᠥᠮᠥᠨ ᠠᠮᠠ ᠲᠠᠢ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠪᠠ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ᠂ ᠲᠣᠣᠷ ᠰᠦᠯᠵᠢᠶ᠎ᠡ ᠬᠤᠯᠪᠣᠭᠰᠠᠨ ᠵᠠᠮ ᠵᠡᠷᠭᠡ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠵᠠᠮ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠨᠢᠭᠡᠨᠲᠡ 2.3 ᠳ᠋ᠦᠩᠰᠢᠭᠤᠷ ᠲᠥᠭᠦᠷᠢᠭ ᠢ ᠪᠡᠶᠡᠯᠡᠭᠦᠯᠦᠨ᠂  ᠵᠢᠯ ᠤᠨ ᠬᠠᠷᠠᠯᠲᠠ ᠳᠤ ᠡᠭᠦᠷᠭᠡ ᠶᠢᠨ ᠢᠶᠠᠨ 5.7% ᠶᠢ ᠪᠡᠶᠡᠯᠡᠭᠦᠯᠵᠦ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠯᠠᠪᠳᠠᠭᠤᠨ ᠪᠠᠲᠤᠲᠠᠢ᠂ ᠠᠮᠵᠢᠯᠲᠠ ᠲᠠᠢ ᠡᠬᠢᠯᠡᠯᠲᠡ ᠲᠠᠢ ᠪᠣᠯᠭᠠᠬᠤ ᠶᠢ ᠪᠡᠶᠡᠯᠡᠭᠦᠯᠪᠡ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ