ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮ 94% ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠢ ᠬᠠᠮᠤᠷᠪᠠ
ᠨᠡᠶᠢᠲᠡᠯᠡᠭᠰᠡᠨ ᠴᠠᠭ᠄
2023/5/26
      ᠮᠠᠨ ᠤ ᠬᠤᠲᠠ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠥᠭᠡᠷᠡᠴᠢᠯᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠬᠦ ᠶᠢ ᠪᠡᠶᠡᠯᠡᠭᠦᠯᠪᠡ ᠃ ᠣᠳᠣᠬᠠᠨ ᠳᠤ ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠬᠤᠷᠢᠶᠠᠨ ᠲᠡᠭᠡᠭᠡᠪᠤᠷᠢᠯᠡᠵᠤ ᠰᠢᠶᠳᠪᠦᠷᠢᠯᠡᠬᠦ ᠰᠢᠰᠲ᠋ᠧᠮ ᠨᠢᠭᠡᠨᠲᠡ 94% ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠢ ᠬᠠᠮᠤᠷᠪᠠ᠃      ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠱᠦ ᠯᠢᠨ ᠽᠢ ᠲᠣᠰᠬᠤᠨ ᠤ ᠬᠤᠭ ᠨᠣᠪᠰᠢ ᠰᠢᠶᠳᠪᠦᠷᠢᠯᠡᠬᠦ ᠥᠷᠲᠡᠭᠡ ᠳᠤ ᠲᠣᠰᠬᠤᠨ ᠤ ᠠᠷᠠᠳ ᠭᠤᠸ ᠱᠠᠨ ᠯᠢᠶᠠᠩ ᠲᠡᠭᠡᠭᠡᠪᠤᠷᠢᠯᠡᠵᠤ ᠠᠪᠴᠢᠷᠠᠭᠰᠠᠨ ᠠᠮᠢᠳᠤᠷᠠᠯ ᠤᠨ ᠬᠤᠭ ᠨᠣᠪᠰᠢ ᠶᠢ ᠳᠥᠭᠦᠮᠬᠡᠨ ᠢᠶᠠᠷ ᠢᠯᠭᠠᠵᠤ᠂ ᠬᠠᠶᠢᠷᠴᠠᠭ ᠲᠤ ᠰᠠᠪᠠᠯᠠᠬᠤ ᠶᠢᠨ ᠬᠠᠮᠲᠤ ᠲᠦᠷᠦᠯ ᠬᠤᠪᠢᠶᠠᠭᠰᠠᠨ ᠬᠤᠭ ᠨᠣᠪᠰᠢ ᠶᠢ ᠬᠤᠭ ᠨᠣᠪᠰᠢ ᠰᠢᠶᠳᠪᠦᠷᠢᠯᠡᠬᠦ ᠮᠠᠰᠢᠨ ᠳᠤ ᠬᠢᠵᠦ ᠵᠠᠳᠠᠯᠤᠨ᠎ᠠ᠃ ᠬᠡᠳᠦᠨ ᠴᠠᠭ ᠤᠨ ᠳᠣᠲᠣᠷ᠎ᠠ ᠰᠢᠲᠠᠭᠠᠬᠤ᠂ ᠵᠠᠳᠠᠷᠠᠭᠤᠯᠬᠤ ᠪᠠ ᠤᠲᠤᠭ᠎ᠠ ᠤᠨᠢᠶᠠᠷ ᠪᠤᠯᠭᠠᠨ ᠰᠢᠶᠳᠪᠦᠷᠢᠯᠡᠬᠦ  ᠪᠠᠷ ᠲᠠᠮᠵᠢᠨ᠂ ᠬᠤᠭ ᠨᠣᠪᠰᠢ ᠨᠢ ᠡᠴᠦᠰ ᠲᠡᠭᠡᠨ ᠦᠨᠡᠰᠦ ᠪᠤᠯᠬᠤ ᠶᠢᠨ ᠲᠠᠭᠤ ᠴᠡᠪᠡᠷ ᠬᠡᠢ ᠪᠡᠶᠡᠲᠦ ᠪᠣᠯᠭᠠᠨ ᠬᠤᠪᠢᠷᠠᠭᠤᠯᠵᠤ ᠰᠢᠲᠠᠭᠠᠬᠤ ᠵᠤᠤᠬ᠎ᠠ ᠪᠠᠷ ᠭᠠᠳᠠᠭᠰᠢᠯᠠᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠬᠦ ᠶᠢ ᠪᠡᠶᠡᠯᠡᠭᠦᠯᠪᠡ ᠃       ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠱᠦ ᠯᠢᠨ ᠽᠢ ᠲᠣᠰᠬᠤᠨ ᠤ ᠬᠤᠭ ᠨᠣᠪᠰᠢ ᠰᠢᠶᠳᠪᠦᠷᠢᠯᠡᠬᠦ ᠥᠷᠲᠡᠭᠡᠨ ᠤ ᠠᠵᠢᠯᠳᠠᠨ ᠭᠤᠸ ᠱᠠᠨ ᠯᠢᠶᠠᠩ ᠰᠤᠷᠪᠤᠯᠵᠢᠯᠠᠭᠴᠢ ᠳᠤ ᠡᠳᠦᠷ ᠪᠦᠷᠢ ᠬᠤᠶᠠᠷ ᠲᠣᠨ ᠣᠷᠴᠢᠮ ᠬᠤᠭ ᠨᠤᠪᠰᠢ ᠰᠢᠲᠠᠭᠠᠵᠤ ᠲᠡᠶᠢᠯᠦᠨ᠎ᠡ᠂ ᠦᠨᠡᠰᠤ ᠲᠠᠪᠢ ᠵᠢᠷᠠᠨ ᠵᠢᠩ ᠭᠠᠷᠤᠨ᠎ᠠ᠂ ᠡᠨᠡ  ᠨᠢ ᠱᠦ ᠯᠢᠨ ᠽᠢ ᠲᠣᠰᠬᠤᠨ ᠤ ᠠᠷᠠᠳ ᠤᠨ ᠠᠮᠢᠳᠤᠷᠠᠯ ᠤᠨ ᠬᠤᠭ ᠨᠣᠪᠰᠢ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠣᠷᠴᠢᠨ ᠲᠣᠭᠤᠷᠢᠨ ᠢ ᠪᠣᠬᠢᠷᠲᠤᠭᠤᠯᠬᠤ ᠶᠢ ᠬᠤᠷᠢᠭᠯᠠᠭᠰᠠᠨ ᠪᠠᠶᠢᠨ᠎ᠠ ᠭᠡᠪᠡ ᠃       ︽ᠡᠷᠦᠬᠡ ᠣᠷᠣᠭᠤᠯᠬᠤ᠂ ᠲᠣᠰᠬᠤᠨ  ᠠᠴᠠ ᠬᠤᠷᠢᠶᠠᠨ ᠴᠤᠭᠯᠠᠭᠤᠯᠬᠤ᠂  ᠪᠠᠯᠭᠠᠰᠤ  ᠠᠴᠠ  ᠳᠠᠮᠵᠢᠭᠤᠯᠤᠨ  ᠲᠡᠭᠡᠭᠡᠪᠦᠷᠢᠯᠡᠬᠦ ᠂  ᠰᠢᠶᠠᠨ   ᠠᠴᠠ  ᠰᠢᠶᠳᠪᠦᠷᠢᠯᠡᠬᠦ  ︾ ᠵᠠᠭᠪᠤᠷ ᠢᠶᠠᠷ᠂ ᠮᠠᠨ ᠤ ᠬᠤᠲᠠ ᠬᠥᠳᠡᠭᠡ ᠲᠣᠰᠬᠤᠨ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠶᠢ ᠦᠷᠭᠦᠯᠵᠢᠯᠡᠨ ᠴᠢᠩᠭᠠᠳᠬᠠᠪᠠ᠃ ᠬᠤᠲᠠ ᠪᠠᠯᠭᠠᠰᠤ ᠠᠴᠠ ᠨᠡᠯᠢᠶᠡᠳ ᠣᠶᠢᠷ᠎ᠠ ᠪᠠᠶᠢᠭ᠎ᠠ ᠬᠥᠳᠡᠭᠡ ᠲᠣᠰᠬᠤᠨ ᠳᠤ ︽ᠬᠤᠲᠠ ᠬᠥᠳᠡᠭᠡ ᠶᠢ ᠨᠢᠭᠡ ᠴᠤᠭᠴᠠᠵᠢᠭᠤᠯᠬᠤ︾ ᠠᠷᠭ᠎ᠠ ᠪᠠᠷ ᠠᠮᠢᠳᠤᠷᠠᠯ ᠤᠨ ᠬᠤᠭ ᠨᠣᠪᠰᠢ  ᠶᠢ ᠰᠢᠶᠳᠪᠦᠷᠢᠯᠡᠵᠦ ᠂ ᠪᠤᠶᠢᠳᠠ ᠪᠦᠭᠯᠡᠭᠦᠦ ᠪᠤᠶᠤ ᠵᠠᠮ ᠬᠠᠷᠢᠯᠴᠠᠭ᠎ᠠ ᠳᠥᠭᠦᠮ ᠦᠭᠡᠢ ᠮᠠᠯᠵᠢᠬᠤ ᠲᠠᠷᠢᠶᠠᠯᠠᠬᠤ ᠣᠷᠣᠨ ᠳᠤ ᠂ ᠵᠢᠵᠢᠭ ᠬᠡᠯᠪᠡᠷᠢ ᠶᠢᠨ᠂ ᠲᠠᠷᠠᠬᠠᠶ ᠪᠤᠲᠠᠷᠬᠠᠶ᠂ ᠬᠤᠤᠷ ᠥᠬᠡᠶ ᠪᠣᠯᠭᠠᠨ ᠰᠢᠶᠳᠪᠦᠷᠢᠯᠡᠬᠦ ᠲᠦᠭᠦᠭᠡᠷᠤᠮᠵᠢ ᠶᠢ ᠪᠥᠲᠥᠭᠡᠨ ᠪᠠᠶᠢᠭᠤᠯᠬᠤ ᠪᠠᠷ ᠲᠠᠮᠵᠢᠨ᠂ ᠠᠮᠢᠳᠤᠷᠠᠯ ᠤᠨ ᠬᠤᠭ ᠨᠣᠪᠰᠢ ᠶᠢ ᠤᠶᠢᠷ᠎ᠠ ᠬᠠᠪᠢ ᠳᠤᠨᠢ ᠰᠢᠢᠳᠪᠤᠷᠢᠯᠡᠵᠤ ᠪᠠᠶᠢᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠬᠥᠳᠡᠭᠡ ᠲᠣᠰᠬᠤᠨ ᠤ ᠬᠤᠭ ᠨᠣᠪᠰᠢ ᠰᠢᠶᠳᠪᠦᠷᠢᠯᠡᠬᠦ ᠲᠥᠬᠦᠭᠡᠷᠦᠮᠵᠢ ᠶᠢᠨ ᠨᠥᠬᠦᠪᠥᠷᠢ ᠮᠥᠩᠭᠦ 405.9 ᠲᠦᠮᠡᠨ ᠲᠥᠭᠦᠷᠢᠭ ᠪᠠᠭᠤᠯᠭᠠᠨ᠂ ᠨᠢᠭᠡᠨᠲᠡ ᠲᠥᠯᠥᠪᠯᠡᠭᠡ ᠶᠣᠰᠣᠭᠠᠷ ᠬᠤᠰᠢᠭᠤ ᠰᠢᠶᠠᠨ ᠲᠣᠭᠤᠷᠢᠭ ᠲᠤ ᠲᠠᠷᠬᠠᠭᠠᠨ ᠥᠭᠪᠡ᠃ ᠣᠳᠣᠬᠠᠨ ᠳᠤ᠂ ᠪᠥᠬᠦ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠵᠠᠰᠠᠨ ᠰᠢᠢᠳᠪᠤᠷᠢᠯᠡᠭᠰᠡᠨ ᠠᠶᠢᠯ ᠲᠣᠰᠬᠤᠨ 4092 ᠪᠠᠶᠢᠵᠤ᠂ ᠵᠠᠰᠠᠨ ᠰᠢᠢᠳᠪᠤᠷᠢᠯᠡᠭᠰᠡᠨ ᠨᠣᠷᠮ᠎ᠠ ᠨᠢ 94.2% ᠭᠦᠷᠦᠭᠰᠡᠨ ᠪᠠᠶᠢᠨ᠎ᠠ᠃  
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ