ᠣᠶᠢᠷ᠎ᠠ ᠳᠤ ᠪᠢ ᠡᠳᠦᠷ ᠲᠤᠲᠤᠮ ᠤᠨ ᠬᠢᠨᠠᠨ ᠬᠡᠮᠵᠢᠯᠲᠡ ᠪᠠᠷ ᠳᠡᠮᠵᠢᠨ᠂ ᠣᠨᠴᠠ ᠵᠠᠷᠢᠮ ᠰᠦᠯᠵᠢᠶ᠎ᠡ ︽ᠳᠤᠮᠳᠠᠳᠤᠤᠯᠤᠰ ᠤᠨ ᠴᠠᠭ ᠤᠨ ᠪᠠᠩᠬᠢ ᠵᠠᠬ᠎ᠠ | ᠳᠡᠯᠭᠡᠭᠦᠷ ᠲᠤ ᠭᠠᠷᠪᠠ︾ ᠭᠡᠬᠦ ᠮᠡᠳᠦ ᠶᠢᠨ ᠬᠤᠳᠠᠯ ᠬᠠᠭᠤᠷᠮᠠᠭ ᠮᠡᠳᠡᠭᠡ ᠵᠠᠩᠭᠢ ᠨᠡᠶᠢᠲᠡᠯᠡᠭᠰᠡᠨ ᠪᠥᠭᠡᠳ ︽ᠴᠠᠭ ᠤᠨ ᠪᠠᠩᠬᠢ︾ ᠭᠡᠳᠡᠭ ᠨᠡᠷ᠎ᠡ ᠲᠠᠢ | ᠰᠢᠯᠵᠢᠮᠡᠯ ᠬᠡᠷᠡᠭᠯᠡᠭᠡᠨ ᠤ ᠫᠷᠤᠭ᠍ᠷᠠᠮ ︵APP︶ ᠨᠢᠨᠡᠶᠢᠲᠡ ᠶᠢᠨ ᠠᠰᠠᠷᠠᠮᠵᠢ ᠶᠢᠨ ᠨᠠᠰᠤᠵᠢᠯ ᠤᠨ ᠠᠰᠠᠷᠠᠮᠵᠢ ᠶᠢᠨ ᠨᠡᠷ᠎ᠡ ᠪᠠᠷ ᠪᠠᠯᠠ ᠣᠷᠣᠭᠤᠯᠤᠯᠲᠠ ᠶᠢᠨ | ᠠᠵᠢᠯᠯᠠᠭ᠎ᠠ ᠥᠷᠨᠢᠭᠦᠯᠵᠦᠪᠠᠶᠢᠬᠤ ᠶᠢ ᠣᠯᠵᠤ ᠮᠡᠳᠡᠵᠠᠢ᠃ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨ ︽ᠳᠤᠮᠳᠠᠳᠤ | ᠤᠯᠤᠰ ᠤᠨ ᠴᠠᠭ ᠤᠨ ᠪᠠᠩᠬᠢ︾ ᠪᠠᠶᠢᠭᠤᠯᠬᠤ ᠶᠢ ᠶᠡᠷᠦ ᠠᠴᠠ ᠵᠥᠪᠰᠢᠶᠡᠷᠡᠭᠰᠡᠨ ᠥᠬᠡᠶ ᠶᠤᠮ᠂ ᠬᠠᠮᠢᠶ᠎ᠠ ᠪᠥᠬᠦᠶ ᠰᠦᠯᠵᠢᠶᠡᠨ ᠥᠷᠲᠡᠭᠡ᠂ ᠨᠡᠶᠢᠭᠡᠮ ᠤᠨ | ᠬᠠᠷᠢᠯᠴᠠᠭᠠᠨ ᠤ ᠲᠠᠪᠴᠠᠩ᠂ APP ᠵᠡᠷᠭᠡ ᠳᠤ ᠬᠡᠯᠡᠵᠦ ᠪᠠᠶᠢᠭ᠎ᠠ ︽ᠳᠤᠮᠳᠠᠳᠤ ᠤᠯᠤᠰ ᠤᠨᠴᠠᠭ ᠤᠨ ᠪᠠᠩᠬᠢ︾ ᠶᠢᠨ ᠬᠤᠯᠪᠣᠭᠳᠠᠯ ᠪᠥᠬᠦᠶ ᠠᠭᠤᠯᠭ᠎ᠠ ᠨᠢ | ᠴᠥᠮ ᠬᠤᠳᠠᠯ ᠬᠠᠭᠤᠷᠮᠠᠭ ᠮᠡᠳᠡᠭᠡ ᠪᠤᠯᠬᠤ ᠪᠦᠭᠡᠳ ᠬᠠᠮᠢᠶ᠎ᠠ ᠪᠥᠬᠦᠶ ᠪᠠᠯᠠ ᠣᠷᠣᠭᠤᠯᠤᠯᠲᠠ ᠶᠢᠨ ᠠᠵᠢᠯᠯᠠᠭ᠎ᠠ ᠨᠢ ᠬᠠᠤᠯᠢ ᠶᠢ ᠵᠥᠷᠢᠴᠡᠵᠦ ᠶᠠᠯ᠎ᠠ ᠬᠢᠭᠰᠡᠨ | ᠰᠡᠵᠢᠭᠯᠡᠯᠲᠡᠶ ᠪᠠᠶᠢᠨ᠎ᠠ᠂ ᠣᠯᠠᠨᠵᠢᠨᠷ ᠢᠶᠠᠨ ᠪᠣᠯᠭᠤᠮᠵᠢᠲᠠᠶ ᠪᠠᠷ ᠢᠯᠭᠠᠨ ᠲᠠᠨᠢᠵᠤ᠂ ᠮᠡᠬᠡᠯᠡᠭᠳᠡᠬᠦ ᠠᠴᠠ ᠬᠢᠴᠢᠶᠡᠭᠡᠷᠡᠢ᠃ | ᠲᠡᠷᠡᠴᠢᠯᠡᠨ ︽ᠴᠠᠭ ᠤᠨ ᠪᠠᠩᠬᠢ︾ ᠪᠠᠷ ᠨᠡᠷᠡᠶᠢᠳᠦᠭᠰᠡᠨ ᠰᠦᠯᠵᠢᠶᠡᠨ ᠥᠷᠲᠡᠭᠡ᠂ APP᠂ ᠸᠢᠴᠠᠲ ᠤᠨᠨᠡᠶᠢᠲᠡ ᠶᠢᠨ ᠳ᠋ᠤᠭᠠᠷ᠂ ᠬᠤᠪᠢ ᠶᠢᠨ | ᠵᠠᠭᠤᠴᠢᠯᠠᠭᠤᠷ ᠤᠨ ᠳᠠᠩᠰᠠᠨ ᠨᠣᠮᠧᠷ ᠭᠡᠬᠦ ᠮᠡᠳᠦ ᠶᠢᠨ ᠦᠢᠯᠡ ᠠᠵᠢᠯᠯᠠᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠳᠠᠯᠳᠤᠭᠠᠨ ᠤ | ᠪᠠᠩᠬᠢ ᠶᠢᠨ ᠬᠠᠤᠯᠢ︾ ᠶᠢᠨ ᠠᠷᠪᠠᠨ ᠨᠢᠭᠡᠳᠦᠭᠡᠷ ᠵᠦᠢᠯ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠩᠬᠢ ᠶᠢᠨ ᠦᠢᠯᠡᠰ ᠢ ᠬᠢᠨᠠᠨ | ᠬᠠᠮᠢᠶᠠᠷᠬᠤ ᠬᠠᠤᠯᠢ︾ ᠶᠢᠨ ᠠᠷᠪᠠ ᠶᠢᠰᠦᠳᠦᠭᠡᠷ ᠵᠦᠢᠯ ᠤᠨ ︽ᠲᠦᠷᠦ ᠶᠢᠨ ᠶᠠᠪᠤᠳᠠᠯ ᠤᠨ ᠬᠤᠷᠢᠶᠠᠨ ᠤ ᠪᠠᠩᠬᠢ ᠶᠢᠨ ᠦᠢᠯᠡᠰ ᠢ ᠬᠢᠨᠠᠨ | ᠬᠠᠮᠢᠶᠠᠷᠬᠤ ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠦᠭᠡᠢ᠁ ᠶᠠᠮᠠᠷᠪᠠ ᠨᠢᠭᠡᠴᠡ ᠨᠡᠷᠡᠶᠢᠳᠦᠯ ᠳᠡᠭᠡᠨ ︿ᠪᠠᠩᠬᠢ﹀ ᠭᠡᠰᠡᠨ ᠦᠰᠦᠭ ᠢ ᠬᠡᠷᠡᠭᠯᠡᠵᠦ ᠪᠣᠯᠬᠤ | ᠦᠭᠡᠢ︾᠂ ︽ᠲᠦᠷᠤ ᠶᠢᠨ ᠶᠠᠪᠤᠳᠠᠯ ᠤᠨ ᠬᠤᠷᠢᠶᠠᠨ ᠤ ᠪᠠᠩᠬᠢ ᠶᠢᠨ ᠦᠢᠯᠡᠰ ᠢ ᠬᠢᠨᠠᠨ ᠬᠠᠮᠢᠶᠠᠷᠬᠤ ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠦᠭᠡᠢ ᠪᠣᠯ | ᠶᠠᠮᠠᠷᠪᠠ ᠨᠢᠭᠡᠴᠡ ᠪᠤᠶᠤ ᠬᠤᠪᠢ ᠬᠥᠮᠦᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠭᠤᠯᠬᠤ ᠪᠤᠶᠤ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠬᠢᠵᠦ ᠪᠣᠯᠬᠤ ᠦᠭᠡᠢ︾ ᠭᠡᠬᠦ ᠲᠣᠭᠲᠠᠭᠠᠯ ᠢ | ᠵᠥᠷᠢᠴᠡᠭᠰᠡᠨᠰᠡᠵᠢᠭᠯᠡᠯᠲᠡᠢ ᠪᠠᠶᠢᠨ᠎ᠠ᠃ | |