ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠲᠠᠷᠢᠮᠠᠯ ᠤᠨ ᠤᠨᠠᠯᠲᠠ ᠳᠣᠣᠷ᠎ᠠ ᠮᠥᠷᠲᠡᠭᠡᠨ ᠲᠣᠭᠲᠠᠭᠤᠨ ᠪᠤᠰᠤ ᠪᠠᠶᠢᠬᠤ ᠮᠡᠷᠭᠡᠵᠢᠯ ᠤᠨ ᠬᠦᠴᠢᠷ ᠠᠰᠠᠭᠤᠳᠠᠯ ᠢ ᠰᠶᠢᠳᠪᠦᠷᠢᠯᠡᠪᠡ
ᠨᠡᠶᠢᠲᠡᠯᠡᠭᠰᠡᠨ ᠴᠠᠭ᠄
2023/5/6
      ᠤᠮᠠᠷᠠᠲᠤ ᠣᠷᠣᠨ ᠤ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠢ ᠪᠠᠰᠠ ᠬᠠᠭᠠᠰ ᠲᠠᠷᠢᠶᠠᠯᠠᠬᠤ  ᠬᠠᠭᠠᠰ ᠮᠠᠯᠵᠢᠬᠤ ᠣᠷᠣᠨ ᠭᠡᠳᠡᠭ᠂ ᠭᠠᠵᠠᠷ ᠰᠢᠷᠣᠢ ᠶᠢᠨ ᠡᠯᠡᠰᠦᠷᠬᠡᠭᠵᠢᠯ ᠤᠨ ᠬᠡᠮᠵᠢᠶ᠎ᠡ ᠨᠡᠯᠢᠶᠡᠳ ᠬᠦᠨᠳᠦ ᠪᠠᠶᠢᠵᠤ᠂ ᠠᠭᠤᠷ  ᠠᠮᠢᠰᠬᠤᠯ ᠵᠡᠷᠭᠡ ᠬᠦᠴᠦᠨ ᠵᠦᠢᠯ ᠤᠨ ᠨᠥᠯᠥᠭᠡ ᠶᠢ  ᠬᠦᠷᠲᠡᠵᠦ᠂  ᠲᠠᠷᠢᠮᠠᠯ ᠤᠨ  ᠤᠨᠠᠯᠲᠠ  ᠳᠣᠣᠷ᠎ᠠ  ᠮᠥᠷᠲᠡᠭᠡᠨ  ᠲᠣᠭᠲᠠᠭᠤᠨ  ᠪᠤᠰᠤ ᠪᠠᠶᠢᠳᠠᠭ᠃              ᠤᠮᠠᠷᠠᠲᠤ  ᠣᠷᠣᠨ ᠤ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠠᠭᠤᠷ ᠠᠮᠢᠰᠬᠤᠯ  ᠭᠠᠩ  ᠬᠠᠭᠤᠷᠠᠢ ᠬᠦᠢᠲᠡᠨ ᠰᠡᠷᠢᠭᠦᠨ ᠪᠠᠶᠢᠳᠠᠯ ᠳᠤ ᠴᠢᠭᠯᠡᠭᠦᠯᠦᠨ᠂  ᠤᠰᠤ  ᠪᠣᠷᠳᠣᠭᠤᠷ ᠤᠨ  ᠡᠬᠢ  ᠪᠠᠶᠠᠯᠢᠭ ᠤᠨ  ᠠᠰᠢᠭᠯᠠᠯᠲᠠ ᠶᠢᠨ  ᠨᠤᠷᠮ᠎ᠠ ᠳᠣᠣᠷ᠎ᠠ᠂ ᠬᠥᠷᠥᠰᠥ ᠰᠢᠷᠣᠢ ᠶᠢᠨ ᠶᠠᠰᠤ ᠴᠢᠨᠠᠷ ᠮᠠᠭᠤᠳᠠᠭᠰᠠᠨ ᠪᠠ ᠲᠠᠷᠢᠶᠠᠯᠠᠩ ᠤᠨ ᠦᠢᠯᠡᠳᠪᠦᠷᠢᠯᠡᠯ ᠤᠨ  ᠲᠦᠪᠰᠢᠨ  ᠳᠣᠣᠷ᠎ᠠ ᠪᠠᠶᠢᠬᠤ ᠵᠡᠷᠭᠡ ᠦᠢᠯᠡᠳᠪᠦᠷᠢᠯᠡᠯ ᠤᠨ ᠠᠰᠠᠭᠤᠳᠠᠯ ᠤᠨ ᠲᠠᠯ᠎ᠠ ᠪᠠᠷ᠂ ᠦᠪᠣᠷ ᠮᠣᠩᠭᠤᠯ ᠤᠨ  ᠥᠪᠡᠷᠲᠡᠭᠡᠨ  ᠵᠠᠰᠠᠬᠤ  ᠣᠷᠣᠨ ᠤ ᠬᠠᠭᠤᠷᠠᠢ ᠲᠠᠷᠢᠶᠠᠯᠠᠩ ᠤᠨ  ᠭᠤᠣᠯᠳᠠᠯᠭ᠎ᠠ ᠲᠠᠢ  ᠲᠤᠷᠰᠢᠯᠲᠠ ᠶᠢᠨ  ᠲᠠᠰᠤᠭ  ︵ᠳᠣᠷᠣᠭᠰᠢ  ᠲᠤᠷᠰᠢᠯᠲᠠ ᠶᠢᠨ  ᠲᠠᠰᠤᠭ  ᠭᠡᠵᠦ ᠳᠥᠭᠦᠮᠴᠢᠯᠡᠨ᠎ᠡ︶ ᠤᠨ ᠪᠡᠶᠡᠯᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ  ᠪᠦᠲᠦᠭᠡᠯ  ᠪᠤᠯᠬᠤ  ︽ᠤᠮᠠᠷᠠᠲᠤ ᠣᠷᠣᠨ ᠤ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠬᠠᠭᠤᠷᠠᠢ ᠲᠠᠷᠢᠶᠠᠯᠠᠩ ᠤᠨ  ᠪᠣᠬᠢᠷᠳᠤᠯ  ᠦᠭᠡᠢ  ᠲᠠᠷᠢᠮᠠᠯ ᠪᠣᠯᠣᠨ ᠬᠤᠷᠢᠶᠠᠯᠲᠠ ᠶᠢᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠵᠢᠴᠢ  ᠬᠡᠷᠡᠭᠯᠡᠭᠡ︾ ᠨᠢ  ᠲᠠᠷᠢᠮᠠᠯ ᠤᠨ  ᠤᠨᠠᠯᠲᠠ  ᠳᠣᠣᠷ᠎ᠠ ᠪᠥᠭᠡᠳ ᠲᠣᠭᠲᠠᠭᠤᠨ ᠪᠤᠰᠤ ᠮᠡᠷᠭᠡᠵᠢᠯ ᠤᠨ ᠬᠦᠴᠢᠷ ᠠᠰᠠᠭᠤᠳᠠᠯ ᠢ ᠰᠶᠢᠳᠪᠦᠷᠢᠯᠡᠵᠡᠢ᠃
ᠢᠷᠡᠯᠲᠡ᠄ ᠠᠷᠠᠳ ᠤᠨ ᠰᠦᠯᠵᠢᠶ᠎ᠡ