ᠴᠢᠬᠤᠯᠠ ᠲᠣᠬᠢᠷᠠᠭᠤᠯᠤᠯᠲᠠ︕ ᠡᠨᠡ ᠬᠦ  ᠰᠢᠯᠭᠠᠨ ᠪᠠᠶᠢᠴᠠᠭᠠᠯᠲᠠ ᠶᠢ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠪᠠᠶᠢᠴᠠᠭᠠᠯᠲᠠ ᠳᠤ ᠣᠷᠣᠭᠤᠯᠪᠠ
ᠨᠡᠶᠢᠲᠡᠯᠡᠭᠰᠡᠨ ᠴᠠᠭ᠄
2023/5/6
      ᠣᠶᠢᠷ᠎ᠠ ᠳᠤ᠂ ᠳᠤᠮᠳᠠᠳᠤ  ᠤᠯᠤᠰ ᠤᠨ  ᠴᠢᠰᠤᠨ ᠤ  ᠥᠭᠡᠬᠦ ᠶᠢᠨ  ᠬᠠᠮᠢᠶᠠᠷᠤᠯᠲᠠ ᠶᠢᠨ  ᠵᠦᠭᠯᠡᠭᠦᠷ ᠲᠤ  ᠵᠠᠰᠠᠪᠤᠷᠢ ᠣᠷᠣᠭᠤᠯᠬᠤ ᠬᠠᠮᠲᠤᠷᠠᠭᠰᠠᠨ ᠲᠤᠰᠬᠠᠶ ᠮᠡᠷᠭᠡᠵᠢᠯᠲᠡᠨ ᠤ ᠵᠥᠪᠯᠡᠯ ᠤᠨ ᠵᠠᠰᠠᠪᠤᠷᠢ  ᠣᠷᠣᠭᠤᠯᠤᠭᠰᠠᠨ  ︽ᠳᠤᠮᠳᠠᠳᠤ  ᠤᠯᠤᠰ ‍ᠤᠨ‌‍ᠴᠢᠰᠤᠨ ᠤ ᠥᠭᠡᠬᠦ ᠶᠢᠨ ᠬᠠᠮᠢᠶᠠᠷᠤᠯᠲᠠ ᠶᠢᠨ ᠵᠦᠭᠯᠡᠭᠦᠷ ︵2023︶︾ ︵ᠳᠣᠷᠣᠭᠰᠢ ︽ᠵᠦᠭᠯᠡᠭᠦᠷ︾  ᠭᠡᠵᠦ  ᠲᠣᠪᠴᠢᠯᠠᠨ᠎ᠠ︶ ᠢ ᠨᠡᠶᠢᠲᠡᠯᠡᠪᠡ᠃ 2016 ᠣᠨ ᠤ ᠬᠠᠭᠤᠴᠢᠨ  ᠬᠡᠪᠯᠡᠯ ᠲᠠᠢ  ᠬᠠᠷᠢᠴᠠᠭᠤᠯᠪᠠᠯ᠂  ᠰᠢᠨ᠎ᠡ  ᠬᠡᠪᠯᠡᠯ ᠤᠨ  ︽ᠵᠦᠭᠯᠡᠭᠦᠷ︾   ᠲᠤ᠄ ᠴᠢᠰᠤᠨ ᠤ ᠥᠭᠡᠬᠦ ᠶᠢᠨ ᠰᠢᠯᠭᠠᠨ ᠪᠠᠶᠢᠴᠠᠭᠠᠯᠲᠠ ᠶᠢ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ  ᠳᠤᠮᠳᠠᠳᠤ  ᠰᠤᠷᠭᠠᠭᠤᠯᠢ  ᠪᠠ ᠥᠨᠳᠥᠷ  ᠵᠡᠷᠭᠡ ᠶᠢᠨ  ᠳᠤᠮᠳᠠᠳᠤ  ᠰᠤᠷᠭᠠᠭᠤᠯᠢ ᠶᠢᠨ  ᠪᠡᠶ᠎ᠡ ᠶᠢᠨ  ᠪᠠᠶᠢᠴᠠᠭᠠᠯᠲᠠ ᠶᠢᠨ  ᠪᠠᠶᠢᠩᠭᠤ ᠶᠢᠨ  ᠲᠥᠷᠥᠯ  ᠵᠦᠢᠯ ᠳᠤ ᠣᠷᠣᠭᠤᠯᠤᠨ᠎ᠡ ᠭᠡᠵᠦ ᠭᠡᠵᠦ ᠣᠨᠴᠠᠭᠠᠶᠢᠯᠠᠨ ᠲᠣᠳᠣᠷᠬᠠᠶᠢᠯᠠᠪᠠ᠃              ᠴᠢᠰᠤᠨ ᠤ ᠥᠭᠡᠬᠦ ᠬᠡᠪ ᠤᠨ ᠪᠤᠰᠤ ᠪᠤᠯᠪᠠᠯ ᠬᠥᠮᠦᠨ ᠤ  ᠪᠡᠶ᠎ᠡ ᠳᠤ  ᠶᠠᠮᠠᠷ  ᠶᠠᠮᠠᠷ  ᠬᠤᠤᠷ  ᠬᠥᠨᠥᠭᠡᠯ  ᠠᠪᠴᠢᠷᠠᠬᠤ ᠪᠣᠶ︖ ᠡᠨᠡ ᠨᠢ ᠨᠢᠭᠡ ᠵᠦᠢᠯ ᠤᠨ ︽ᠨᠠᠰᠤᠨ ᠳᠤ ᠬᠦᠷᠦᠭᠰᠡᠳ ᠤᠨ  ᠡᠪᠡᠳᠴᠢᠨ︾᠂  ︽ᠨᠠᠰᠤᠲᠠᠶᠢᠴᠤᠳ ᠤᠨ  ᠡᠪᠡᠳᠴᠢᠨ︾ ᠪᠣᠯᠤᠭᠰᠠᠨ ᠤ ᠬᠤᠪᠢ ᠳᠤ᠂ ᠶᠠᠭᠠᠬᠢᠭᠠᠳ ᠬᠡᠦᠬᠡᠳ ᠪᠠᠭᠠᠴᠤᠳ ᠵᠠᠯᠠᠭᠤᠴᠤᠳ ᠤᠨ ᠲᠤᠳᠤᠷ᠎ᠠ ᠪᠠᠰᠠ  ᠡᠨᠡ  ᠡᠪᠡᠳᠴᠢᠨ  ᠣᠯᠠᠨ ᠡᠭᠦᠰᠳᠡᠭ ᠪᠣᠶ︖ ᠴᠢᠰᠤᠨ ᠤ ᠥᠭᠡᠬᠦ  ᠶᠢᠨ ᠰᠢᠯᠭᠠᠨ ᠪᠠᠶᠢᠴᠠᠭᠠᠯᠳᠠ ᠶᠢ ︽ᠪᠠᠶᠢᠡᠭᠭᠤ ᠬᠢᠬᠦ︾ ᠴᠢᠬᠤᠯᠠ ᠲᠠᠢ ᠦᠦ︖
ᠢᠷᠡᠯᠲᠡ᠄ ᠠᠷᠠᠳ ᠤᠨ ᠰᠦᠯᠵᠢᠶ᠎ᠡ