ᠠᠩᠬ᠎ᠠ ᠳᠤᠮᠳᠠᠳᠤ ᠳᠡᠬᠦᠰᠬᠦ ᠲᠠᠮᠢᠷ ᠤᠨ ᠰᠢᠯᠭᠠᠯᠳᠠ ᠬᠤᠪᠢᠷᠠᠯᠳᠠ ᠲᠠᠢ
ᠨᠡᠶᠢᠲᠡᠯᠡᠭᠰᠡᠨ ᠴᠠᠭ᠄
2023/5/6
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽2023 ᠣᠨ ‍ᠤ‌ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ  ᠪᠤᠯᠤᠨ  ᠡᠷᠡᠭᠦᠯ  ᠮᠡᠨᠳᠦ ᠶᠢᠨ  ᠰᠢᠯᠭᠠᠯᠲᠠ ᠶᠢᠨ  ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠥᠪᠥᠷ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠷᠠᠯᠢᠭ ᠤᠨ ᠵᠠᠬᠢᠳᠠᠯ ﹇2023﹈ 14 ᠳ᠋ᠣᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ᠂ ᠪᠡᠶ᠎ᠡ ᠵᠢᠨ‌‍ᠲ᠋ᠠᠮᠢᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠰᠤᠷᠭᠠᠭᠤᠯᠢ᠂ ᠭᠡᠷ ‍ᠦᠨ‌ᠠᠬᠠᠮᠠᠳ᠂  ᠪᠠᠭᠰᠢ  ᠵᠡᠷᠭᠡ  ᠡᠯ᠎ᠡ  ᠲᠠᠯ᠎ᠠ ᠶᠢᠨ  ᠬᠢᠨ ᠤ  ᠰᠠᠨᠠᠯ ᠢ  ᠥᠷᠭᠡᠨ ᠢᠶᠠᠷ  ᠬᠤᠷᠢᠶᠠᠭᠰᠠᠨ   ᠰᠠᠭᠤᠷᠢᠨ   ᠳᠡᠭᠡᠷ᠎ᠡ᠂ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ  ᠮᠡᠨᠳᠦ  ᠪᠠ  ᠠᠮᠤᠷ  ᠲᠦᠪᠰᠢᠨ ᠢ  ᠦᠨᠡᠨᠬᠦ  ᠪᠠᠲᠤᠯᠠᠬᠤ ᠶᠢᠨ  ᠲᠤᠰᠠᠳᠠ᠂ᠬᠦᠬᠡᠬᠤᠳᠠ ᠶᠢᠨ 2023 ᠣᠨ ᠤ ᠠᠩᠬ᠎ᠠ  ᠵᠡᠷᠭᠡ ᠶᠢᠨ  ᠳᠤᠮᠳᠠᠳᠤ  ᠰᠤᠷᠭᠠᠭᠤᠯᠢ ᠠᠴᠠ  ᠳᠡᠬᠡᠳᠦ  ᠳᠣᠮᠳᠠᠳᠣ ᠳᠤ  ᠡᠯᠰᠡᠬᠦ‌‍ᠰᠢᠯᠭᠠᠯᠲᠠ ᠶᠢᠨ ᠪᠡᠶ᠎ᠡ ᠶᠢᠨ ᠲᠠᠮᠢᠷ ᠤᠨ ᠲᠥᠷᠥᠯ ᠵᠦᠢᠯ ᠳᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ᠃                              ᠨᠢᠭᠡ ᠳᠤ᠂ 2023 ᠣᠨ ᠤ ᠳᠡᠬᠡᠳᠦ ᠳᠣᠮᠳᠠᠳᠣ ᠳᠤ ᠡᠯᠰᠡᠬᠦ ᠪᠡᠶ᠎ᠡ ᠶᠢᠨ ᠲᠠᠮᠢᠷ ᠤᠨ ᠰᠢᠯᠭᠠᠯᠲᠠ ᠶᠢᠨ  ᠬᠤᠪᠢ  ᠨᠢ 40 ᠬᠤᠪᠢ᠃                              ᠬᠤᠶᠠᠷ ᠲᠤ᠂  2023  ᠣᠨ ᠤ  ᠳᠡᠬᠡᠳᠦ  ᠳᠣᠮᠳᠠᠳᠣ ᠳᠤ  ᠡᠯᠰᠡᠬᠦ  ᠰᠢᠯᠭᠠᠯᠲᠠ ᠶᠢᠨ  ᠪᠡᠶ᠎ᠡ ᠶᠢᠨ   ᠲᠠᠮᠢᠷ  ᠤᠨ ᠰᠢᠯᠭᠠᠯᠲᠠ ᠳᠤ 1000 ᠮᠧᠲᠷ ︵ᠡᠷᠡᠭᠲᠡᠢ  ᠰᠣᠷᠣᠭᠴᠢ︶᠂  800  ᠮᠧᠲᠷ  ︵ᠡᠮᠡᠭᠲᠡᠢ  ᠰᠣᠷᠣᠭᠴᠢ︶ ᠤᠨ  ᠰᠢᠯᠭᠠᠯᠲᠠ ᠶᠢᠨ ᠲᠥᠷᠥᠯ ᠵᠦᠢᠯ ᠢ ᠦᠭᠡᠶᠢᠰᠬᠡᠵᠦ᠂ ᠰᠢᠯᠭᠠᠭᠤᠯᠤᠭᠰᠠᠳ ᠤᠨ ᠲᠣᠰ ᠲᠥᠷᠥᠯ ᠵᠦᠢᠯ ᠤᠨ ᠬᠢᠷᠢ  ᠪᠦᠲᠦᠮᠵᠢ ᠶᠢ  ᠪᠦᠷᠢᠨ  ᠬᠤᠪᠢ 20 ᠬᠤᠪᠢ ᠪᠠᠷ ᠶᠡᠷᠦᠩᠬᠡᠢ ᠬᠤᠪᠢ ᠳᠤ ᠪᠤᠳᠤᠵᠤ ᠣᠷᠣᠭᠤᠯᠤᠨ᠎ᠠ︔                              ᠭᠤᠷᠪᠠ ᠳᠤ᠂  2023  ᠣᠨ ᠤ  ᠳᠡᠬᠡᠳᠦ  ᠳᠣᠮᠳᠠᠳᠣ ᠳᠤ  ᠡᠯᠰᠡᠬᠦ  ᠰᠢᠯᠭᠠᠯᠲᠠ ᠶᠢᠨ  ᠪᠡᠶ᠎ᠡ ᠶᠢᠨ   ᠲᠠᠮᠢᠷ ‍ᠤᠨ‌‍ᠰᠢᠯᠭᠠᠯᠲᠠ ᠳᠤ ᠬᠤᠯᠠ ᠬᠠᠷᠠᠶᠢᠯᠲᠠ ᠶᠢ ᠦᠯᠡᠳᠡᠭᠡᠵᠦ᠂ ᠲᠤᠰ ᠲᠦᠷᠦᠯ ᠵᠦᠢᠯ ᠤᠨ ᠪᠦᠷᠢᠨ ᠬᠤᠪᠢ  10  ᠬᠤᠪᠢ᠂  ᠪᠣᠳᠠᠲᠠᠢ ᠰᠢᠯᠭᠠᠯᠲᠠ ᠶᠢᠨ ᠬᠢᠷᠢ ᠪᠦᠲᠦᠮᠵᠢ ᠪᠠᠷ ᠶᠡᠷᠦᠩᠬᠡᠢ ᠬᠤᠪᠢ ᠳᠤ ᠪᠤᠳᠤᠵᠤ ᠣᠷᠣᠭᠤᠯᠤᠨ᠎ᠠ︔                              ᠳᠥᠷᠪᠡ ᠳᠤ᠂ 2023 ᠣᠨ ᠤ ᠳᠡᠬᠡᠳᠦ ᠳᠣᠮᠳᠠᠳᠣ ᠳᠤ ᠡᠯᠰᠡᠬᠦ ᠰᠢᠯᠭᠠᠯᠲᠠ ᠳᠤ ᠢᠯᠡ ᠪᠠᠷ ᠭᠤᠷᠪᠠᠨ ᠳᠦᠷᠦᠯ ‍ᠦᠨ‌‍ᠪᠡᠶ᠎ᠡ ᠶᠢᠨ ᠳᠠᠮᠢᠷ ᠠᠴᠠ ᠨᠢᠬᠡ ᠶᠢ ᠰᠣᠩᠭᠤᠨ᠎ᠠ᠃ ᠲᠤᠰ  ᠲᠦᠷᠦᠯ  ᠵᠦᠢᠯ ᠤᠨ  ᠪᠦᠷᠢᠨ  ᠬᠤᠪᠢ  10  ᠬᠤᠪᠢ᠂  ᠪᠣᠳᠠᠲᠠᠢ ᠰᠢᠯᠭᠠᠯᠲᠠ ᠶᠢᠨ ᠬᠢᠷᠢ ᠪᠦᠲᠦᠮᠵᠢ ᠪᠠᠷ ᠶᠡᠷᠦᠩᠬᠡᠢ ᠬᠤᠪᠢ ᠳᠤ ᠪᠤᠳᠤᠵᠤ ᠣᠷᠣᠭᠤᠯᠤᠨ᠎ᠠ ᠬᠡᠵᠠᠢ᠃
ᠢᠷᠡᠯᠲᠡ᠄ ᠠᠷᠠᠳ ᠤᠨ ᠰᠦᠯᠵᠢᠶ᠎ᠡ