2023 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ᠄ ᠡᠲᠡᠭᠡᠷ ᠪᠠᠶᠢᠳᠠᠯ ᠳᠤ ᠬᠤᠪᠢ ᠨᠡᠮᠡᠬᠦ ᠪᠠᠷ ᠭᠤᠶᠤᠴᠢᠯᠠᠵᠤ ᠪᠣᠯᠤᠨ᠎ᠠ
ᠨᠡᠶᠢᠲᠡᠯᠡᠭᠰᠡᠨ ᠴᠠᠭ᠄
2023/5/6
      ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ ︽2023 ᠣᠨ ᠤ  ᠡᠩ  ᠤᠨ  ᠶᠡᠭᠡ  ᠳᠡᠭᠡᠳᠦ  ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠣᠭᠲᠠᠭᠠᠯ︾ ᠢ ᠨᠡᠶᠢᠲᠡᠯᠡᠵᠦ᠂ ᠰᠢᠯᠭᠠᠭᠤᠯᠤᠭᠴᠢ ᠶᠢᠨ ᠡᠯᠧᠺᠲᠷᠣᠨ ᠲᠠᠩᠰᠠ ᠡᠪᠬᠡᠮᠡᠯ᠂  ᠦᠵᠡᠯ ᠰᠠᠨᠠᠭ᠎ᠠ ᠤᠯᠤᠰ ᠲᠥᠷᠥ ᠶᠣᠰᠣ ᠮᠣᠷᠠᠯ ᠤᠨ ᠬᠢᠨᠠᠨ ᠰᠢᠯᠭᠠᠯᠲᠠ᠂  ᠪᠡᠶ᠎ᠡ  ᠮᠠᠬᠠᠪᠣᠳ ᠤᠨ  ᠡᠷᠡᠭᠦᠯ  ᠮᠡᠨᠳᠦ ᠶᠢᠨ  ᠪᠠᠶᠢᠳᠠᠯ ᠤᠨ ᠪᠠᠶᠢᠴᠠᠭᠠᠯᠲᠠ᠂ ᠰᠢᠯᠭᠠᠯᠲᠠ ᠬᠢᠬᠦ ᠪᠠ ᠰᠤᠷᠤᠬᠴᠢ ᠡᠯᠰᠡᠬᠦ ᠲᠤᠬᠠᠶ ᠴᠥᠮ ᠨᠠᠷᠢᠨ ᠲᠣᠭᠲᠠᠭᠠᠯ ᠭᠠᠷᠭᠠᠬᠰᠠᠨ ᠪᠠᠶᠢᠨ᠎ᠠ᠃              ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠰᠢᠯᠭᠠᠭᠤᠯᠤᠭᠴᠢ ᠶᠢ  ᠮᠤᠵᠢ ᠶᠢᠨ  ᠱᠠᠲᠤᠨ ᠤ  ᠰᠣᠷᠣᠭᠴᠢ ᠡᠯᠰᠡᠬᠦ ᠵᠥᠪᠯᠡᠯ ᠠᠴᠠ ᠲᠣᠰ ᠭᠠᠵᠠᠷ ᠤᠨ ᠢᠶᠠᠨ ᠲᠠᠩᠰᠠ ᠡᠪᠬᠡᠮᠡᠯ ᠭᠠᠷᠭᠠᠨ  ᠦᠭᠴᠦ  ᠡᠯᠰᠡᠬᠦ  ᠠᠷᠭ᠎ᠠ  ᠶᠢᠨ  ᠲᠤᠬᠳᠠᠭᠠᠯ  ᠢ ᠦᠨᠳᠦᠰᠦᠯᠡᠨ᠂ ᠲᠡᠭᠦᠨ ᠤ ᠰᠣᠶᠣᠯ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠶ ᠬᠤᠪᠢ ᠶᠢᠨ ᠰᠠᠭᠤᠷᠢᠨ ᠳᠡᠭᠡᠷ᠎ᠡ ᠵᠣᠬᠢᠬᠤ ᠬᠤᠪᠢ ᠨᠡᠮᠡᠵᠦ ᠲᠠᠩᠰᠠ ᠡᠪᠬᠡᠮᠡᠯ ᠭᠠᠷᠭᠠᠨ ᠥᠭᠴᠦ ᠪᠣᠯᠤᠨ᠎ᠠ︔ ᠶᠡᠭᠡ ᠳᠡᠭᠡᠳᠦ  ᠰᠤᠷᠭᠠᠭᠤᠯᠢ ᠶᠢᠨ  ᠲᠠᠩᠰᠠ ᠡᠪᠬᠡᠮᠡᠯ ᠭᠠᠷᠭᠠᠨ ᠥᠭᠬᠦ ᠨᠥᠬᠦᠴᠡᠯ ᠳᠤ ᠬᠦᠷᠦᠭᠰᠡᠨ ᠪᠠᠶᠢᠪᠠᠯ ᠶᠡᠭᠡ ᠳᠡᠭᠡᠳᠦ ᠰᠤᠷᠭᠠᠭᠤᠯᠢ ᠠᠴᠠ  ᠡᠯᠰᠡᠬᠦ  ᠡᠰᠡᠬᠦ ᠪᠠᠨ  ᠬᠢᠨᠠᠨ ᠪᠠᠶᠢᠴᠠᠭᠠᠵᠤ ᠲᠣᠭᠲᠠᠭᠠᠨ᠎ᠠ᠃ ᠠᠳᠠᠯᠢ ᠨᠢᠭᠡᠨ ᠰᠢᠯᠭᠠᠭᠤᠯᠤᠭᠴᠢ ᠨᠢ ᠬᠡᠷᠪᠡ ᠣᠯᠠᠨ ᠵᠦᠢᠯ ᠤᠨ ᠬᠤᠪᠢ ᠨᠡᠮᠡᠵᠦ ᠲᠠᠩᠰᠠ ᠡᠪᠬᠡᠮᠡᠯ ᠭᠠᠷᠭᠠᠨ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠥᠪᠬᠡᠨ ᠲᠡᠭᠦᠨ ᠤ ᠳᠣᠲᠣᠷᠠᠬᠢ ᠬᠠᠮᠤᠭ ᠤᠨ  ᠶᠡᠭᠡ  ᠬᠤᠪᠢ  ᠶᠢ  ᠨᠢ ᠠᠪᠴᠤ ᠪᠣᠯᠬᠤ ᠪᠥᠭᠡᠳ 20 ᠬᠤᠪᠢ ᠠᠴᠠ ᠬᠡᠲᠦᠷᠡᠭᠦᠯᠵᠦ ᠪᠣᠯᠬᠤ ᠥᠬᠡᠶ᠃              ᠨᠥᠭᠴᠢᠭᠰᠡᠨ ᠪᠠᠭᠠᠳᠤᠷᠴᠤᠳ ᠤᠨ ᠦᠷ᠎ᠡ ᠬᠡᠦᠬᠡᠳ︔             · ᠴᠡᠷᠢᠭ ᠤᠨ  ᠠᠯᠪᠠ  ᠬᠠᠭᠠᠵᠤ  ᠪᠠᠶᠢᠬᠤ   ᠬᠤᠭᠤᠴᠠᠭᠠᠨ ᠳᠠᠭᠠᠨ   ᠬᠤᠶᠠᠳᠤᠭᠠᠷ   ᠳᠡᠰ   ᠠᠴᠠ   ᠲᠡᠭᠡᠭᠰᠢᠬᠢ ᠭᠠᠪᠢᠶ᠎ᠠ ᠪᠠᠶᠢᠭᠤᠯᠤᠬᠰᠠᠨ ᠪᠤᠶᠤ ᠪᠠᠶᠢᠯᠳᠤᠭᠠᠨ ᠤ ᠲᠣᠭᠤᠷᠢᠭ ︵ᠤᠤᠯ ᠤᠨ  ᠶᠡᠭᠡ  ᠴᠡᠷᠢᠭ ᠤᠨ  ᠲᠣᠭᠤᠷᠢᠭ︶ ᠠᠴᠠ  ᠳᠡᠭᠡᠭᠰᠢᠬᠢ ᠨᠢᠭᠡᠴᠡ ᠶᠢᠨ ᠢᠷᠠᠭᠤ ᠠᠯᠳᠠᠷ ᠤᠨ ᠴᠣᠯᠠ ᠶᠢ ᠣᠯᠣᠭᠰᠠᠨ ᠴᠡᠷᠢᠭ ᠠᠴᠠ ᠬᠠᠯᠠᠭᠳᠠᠭᠰᠠᠳ︔             · ᠬᠢᠯᠢ ᠬᠢᠵᠠᠭᠠᠷ ᠣᠷᠣᠨ᠂  ᠠᠭᠤᠯᠠᠷᠬᠠᠭ  ᠣᠷᠣᠨ᠂  ᠮᠠᠯᠵᠢᠬᠤ  ᠣᠷᠣᠨ᠂  ᠴᠥᠭᠡᠨ  ᠲᠣᠭᠠᠲᠤ  ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠢᠯᠭᠠᠭᠤᠯᠤᠭᠴᠢ︔             · ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ᠂ ᠳᠤᠮᠳᠠᠳᠤ ᠶᠢᠨ  ᠬᠠᠷᠢᠶᠠᠲᠤ  ᠨᠠᠷ ᠤᠨ  ᠦᠷ᠎ᠡ  ᠬᠡᠦᠬᠡᠳ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠤᠨ ᠦᠷ᠎ᠡ ᠬᠡᠦᠬᠡᠳ ᠪᠣᠯᠤᠨ ᠲᠠᠶᠢᠸᠠᠨ ᠮᠤᠵᠢ ᠶᠢᠨ ᠬᠠᠷᠢᠶ᠎ᠠ ︵ᠲᠠᠶᠢᠸᠠᠨ ᠤ ᠡᠷᠦᠬᠡ ᠠᠮᠠ ᠶᠢ ᠪᠠᠭᠲᠠᠭᠠᠨ᠎ᠠ︶ ᠲᠠᠢ ᠰᠢᠯᠭᠠᠭᠤᠯᠤᠭᠴᠢ᠃              ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠲᠤ  ᠰᠣᠶᠣᠯ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠶ ᠬᠤᠪᠢ ᠶᠢᠨ ᠰᠠᠭᠤᠷᠢᠨ ᠳᠡᠭᠡᠷ᠎ᠡ ᠵᠣᠬᠢᠬᠤ ᠬᠤᠪᠢ ᠨᠡᠮᠡᠵᠦ ᠲᠠᠩᠰᠠ‌ᠡᠪᠬᠡᠮᠡᠯ ᠭᠠᠷᠭᠠᠨ ᠦᠭᠴᠦ ᠪᠤᠯᠤᠨ᠎ᠠ᠂ ᠭᠡᠬᠦ ᠳᠡᠭᠡᠨ 10 ᠬᠤᠪᠢ ᠠᠴᠠ ᠬᠡᠲᠦᠷᠡᠭᠦᠯᠵᠦ ᠪᠣᠯᠬᠤ ᠥᠬᠡᠶ᠃
ᠢᠷᠡᠯᠲᠡ᠄ ᠠᠷᠠᠳ ᠤᠨ ᠰᠦᠯᠵᠢᠶ᠎ᠡ