ᠰᠤᠷᠭᠠᠨ ᠬᠥᠮᠦᠵᠢᠯ ᠤᠨ ᠶᠠᠮᠤᠨ ᠤ ᠡᠨᠡ ᠬᠦ ᠰᠢᠨ᠎ᠡ ᠲᠣᠭᠲᠠᠭᠠᠯ ᠢ 3 ᠰᠠᠷ᠎ᠠ ᠶᠢᠨ1 ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2023/5/6
      ᠰᠤᠷᠪᠤᠯᠵᠢᠯᠠᠭᠴᠢ  ᠰᠤᠷᠭᠠᠨ  ᠬᠥᠮᠦᠵᠢᠯ ᠤᠨ  ᠶᠠᠮᠤᠨ ᠠᠴᠠ  ᠣᠶᠢᠯᠠᠭᠠᠭᠰᠠᠨ ᠢᠶᠠᠷ᠂  ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ︽ᠮᠡᠳᠡᠭᠡ ᠵᠠᠩᠭᠢ ᠶᠢᠨ ᠮᠡᠷᠭᠡᠵᠢᠯ ᠤᠨ  ᠦᠢᠯᠡᠳᠬᠦᠨ ᠤ  ᠤᠯᠤᠰ ᠤᠨ  ᠨᠡᠶᠢᠳᠡᠮ  ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠪᠠ ᠬᠠᠮᠢᠶᠠᠷᠤᠯᠲᠠ ᠶᠢᠨ ᠲᠣᠭᠲᠠᠭᠠᠯ︾ ᠢ ᠨᠡᠶᠢᠲᠡᠯᠡᠵᠦ᠂  ᠮᠡᠳᠡᠭᠡ  ᠵᠠᠩᠭᠢ ᠶᠢᠨ ᠮᠡᠷᠭᠡᠵᠢᠯ ᠤᠨ  ᠦᠢᠯᠡᠳᠬᠦᠨ ᠳᠤ  ᠤᠯᠤᠰ ᠤᠨ  ᠨᠡᠶᠢᠳᠡᠮ  ᠬᠡᠷᠡᠭᠯᠡᠬᠦ  ᠦᠭᠡ  ᠬᠡᠯᠡ  ᠦᠰᠦᠭ  ᠪᠢᠴᠢᠭ ᠢ  ᠬᠡᠷᠡᠭᠯᠡᠬᠦ ᠳᠡᠭᠡᠨ ᠤᠯᠤᠰ ᠤᠨ ᠨᠡᠶᠢᠲᠡᠯᠡᠭᠰᠡᠨ ᠦᠭᠡ ᠬᠡᠯᠡ ᠦᠰᠦᠭ ᠪᠢᠴᠢᠭ ᠤᠨ ᠳᠦᠷᠢᠮᠵᠢᠯ ᠤᠨ ᠪᠠᠷᠢᠮᠵᠢᠶ᠎ᠠ  ᠳᠤ ᠨᠡᠶᠢᠴᠡᠭᠦᠯᠬᠦ  ᠬᠡᠷᠡᠭᠲᠡᠶ  ᠭᠡᠵᠦ ᠱᠠᠭᠠᠷᠳᠠᠵᠠᠶ᠃                             ᠲᠣᠭᠲᠠᠭᠠᠯ ᠳᠤ ᠵᠢᠭᠠᠬᠤ ᠳᠠᠭᠠᠨ᠂  ᠲᠣᠭᠠᠴᠢᠯᠠᠭᠰᠠᠨ ᠲᠠᠪᠴᠠᠩ  ᠪᠠ  ᠰᠦᠯᠵᠢᠶᠡᠨ  ᠳᠡᠭᠡᠷ᠎ᠡ  ᠤᠯᠤᠰ ᠤᠨ  ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠳᠡᠭᠡᠨ ᠬᠢᠲᠠᠳ ᠬᠡᠯᠡᠨ ᠤ  ᠠᠪᠢᠶ᠎ᠠ  ᠲᠡᠮᠳᠡᠭᠯᠡᠬᠦ  ᠦᠰᠦᠭ᠂  ᠪᠠᠷᠢᠮᠵᠢᠶ᠎ᠡ ᠬᠡᠯᠡᠨ ᠤ ᠠᠪᠢᠶ᠎ᠠ᠂ ᠳᠦᠷᠢᠮᠵᠢᠭᠰᠡᠨ ᠬᠢᠲᠠᠳ ᠦᠰᠦᠭ᠂ ᠤᠳᠤ ᠦᠶ᠎ᠡ ᠶᠢᠨ ᠬᠢᠲᠠᠳ ᠬᠡᠯᠡᠨ ᠤ  ᠦᠭᠡᠰ ᠤᠨ  ᠬᠡᠯᠪᠡᠷᠢ᠂  ᠴᠡᠭ ᠲᠡᠮᠳᠡᠭ ᠪᠠ ᠲᠣᠭᠠᠨ ᠤ ᠬᠡᠷᠡᠭᠯᠡᠬᠦ  ᠠᠷᠭ᠎ᠠ  ᠵᠡᠷᠭᠡ  ᠦᠭᠡ  ᠬᠡᠯᠡ  ᠦᠰᠦᠭ  ᠪᠢᠴᠢᠭ ᠤᠨ  ᠳᠦᠷᠢᠮᠵᠢᠯ ᠤᠨ  ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠢᠲᠠᠳ ᠬᠡᠯᠡᠨ ᠤ ᠨᠤᠲᠤᠭ ᠤᠨ ᠠᠶᠠᠯᠭᠤ᠂ ᠪᠢᠴᠢᠯᠭᠡ ᠨᠢ ᠲᠦᠪᠡᠭᠲᠡᠶ  ᠦᠰᠦᠭ᠂  ᠪᠢᠴᠢᠯᠭᠡ ᠣᠨᠳᠣᠣ ᠦᠰᠦᠭ ᠢ ᠬᠡᠷᠡᠭᠯᠡᠬᠦ ᠴᠢᠬᠤᠯᠠᠲᠠᠶ ᠪᠣᠯ᠂ ︽ᠪᠥᠬᠦᠳᠡ  ᠨᠠᠶᠢᠷᠠᠮᠳᠠᠬᠤ  ᠳᠤᠮᠳᠠᠳᠤ  ᠠᠷᠠᠳ  ᠤᠯᠤᠰ ᠤᠨ  ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ  ᠬᠠᠤᠯᠢ︾ ᠶᠢᠨ  ᠬᠠᠮᠢᠶᠠᠲᠠᠢ  ᠲᠣᠭᠲᠠᠭᠠᠯ ᠳᠤ  ᠨᠡᠶᠢᠴᠡᠭᠰᠡᠨ  ᠪᠠᠶᠢᠬᠤ ᠬᠡᠷᠡᠭᠲᠡᠶ ᠭᠡᠵᠡᠢ᠃                              ᠲᠣᠭᠲᠠᠭᠠᠯ ᠢ ᠦᠨᠳᠦᠰᠦᠯᠡᠪᠡᠯ᠂ ᠲᠦᠷᠦ ᠶᠢᠨ ᠶᠠᠪᠤᠳᠠᠯ ᠤᠨ  ᠬᠤᠷᠢᠶᠠᠨ ᠤ  ᠦᠭᠡ  ᠬᠡᠯᠡ  ᠦᠰᠦᠭ  ᠪᠢᠴᠢᠭ ᠤᠨ ᠠᠵᠢᠯ ᠤᠨ ᠰᠠᠯᠠᠭ᠎ᠠ ᠮᠥᠴᠢᠷ ᠬᠠᠮᠢᠶᠠᠲᠠᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠤᠳᠤ ᠦᠶ᠎ᠡ ᠶᠢᠨ  ᠬᠢᠲᠠᠳ ᠬᠡᠯᠡᠨ ᠤ ᠭᠠᠷ ᠠᠪᠤᠯᠭ᠎ᠠ ᠶᠢᠨ ᠨᠣᠮ ᠤᠨ ᠲᠦᠷᠦᠯ ᠤᠨ ᠲᠤᠭ᠎ᠠ ᠪᠠ ᠰᠦᠯᠵᠢᠶᠡᠨ ᠤ ᠬᠡᠪᠯᠡᠯ ᠤᠨ ᠵᠦᠢᠯ ᠳᠤ ᠬᠢᠨᠠᠯᠲᠠ  ᠲᠠᠯᠪᠢᠵᠤ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃  ᠣᠷᠣᠨ  ᠨᠤᠲᠤᠭ ᠤᠨ  ᠡᠯ᠎ᠡ  ᠱᠠᠲᠤᠨ ᠤ  ᠦᠭᠡ  ᠬᠡᠯᠡ  ᠦᠰᠦᠭ  ᠪᠢᠴᠢᠭ ‍ᠦᠨ‌ᠠᠵᠢᠯ ᠤᠨ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠢᠭᠠᠬᠤ  ᠮᠠᠲ᠋ᠧᠷᠢᠶᠠᠯ  ᠪᠠ  ᠤᠳᠤ ᠦᠶ᠎ᠡ ᠶᠢᠨ ᠬᠢᠲᠠᠳ ᠬᠡᠯᠡᠨ ᠤ ᠬᠡᠯᠡ ᠪᠢᠴᠢᠭ ᠤᠨ ᠭᠠᠷ  ᠠᠪᠤᠯᠭ᠎ᠠ ᠶᠢᠨ  ᠨᠣᠮ ᠠᠴᠠ  ᠭᠠᠳᠠᠨᠠᠬᠢ  ᠪᠤᠰᠤᠳ ᠲᠣᠭᠠᠴᠢᠯᠠᠭᠰᠠᠨ ᠲᠠᠪᠴᠠᠩ ᠪᠠ ᠰᠦᠯᠵᠢᠶᠡᠨ ᠤ ᠬᠡᠪᠯᠡᠯ ᠤᠨ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃                              ᠲᠣᠰ  ᠲᠣᠭᠲᠠᠭᠠᠯ ᠢ  2023  ᠣᠨ ᠤ  3  ᠰᠠᠷ᠎ᠠ ᠶᠢᠨ  1 ᠤ  ᠡᠳᠦᠷ ᠠᠴᠠ  ᠡᠬᠢᠯᠡᠵᠦ  ᠠᠯᠪᠠᠨ  ᠶᠣᠰᠣᠭᠠᠷ ᠬᠡᠷᠡᠭᠵᠢᠭᠦᠯᠦᠨ᠎ᠡ᠃
ᠢᠷᠡᠯᠲᠡ᠄ ᠠᠷᠠᠳ ᠤᠨ ᠰᠦᠯᠵᠢᠶ᠎ᠡ