ᠡᠶᠢᠮᠦᠷᠬᠦ ᠰᠤᠷᠤᠯᠭ᠎ᠠ ᠶᠢᠨ ᠦᠨᠡᠮᠯᠡᠯ ᠢ ᠠᠯᠪᠠᠨ ᠲᠠᠯ᠎ᠠ ᠠᠴᠠ ᠲᠠᠬᠢᠵᠤ ᠭᠡᠷᠡᠴᠢᠯᠡᠬᠦ ᠦᠭᠡᠢ︕
ᠨᠡᠶᠢᠲᠡᠯᠡᠭᠰᠡᠨ ᠴᠠᠭ᠄
2023/5/6
      ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠠᠯᠪᠠᠨ ᠵᠠᠷ ᠨᠡᠶᠢᠲᠡᠯᠡᠵᠦ᠂ 2023 ᠣᠨ ᠤ  ᠬᠠᠪᠤᠷ ᠤᠨ  ᠤᠯᠠᠷᠢᠯ ᠤᠨ  ᠰᠤᠷᠤᠯᠭ᠎ᠠ ᠶᠢᠨ  ᠬᠤᠭᠤᠴᠠᠭ᠎ᠠ  ︵ᠡᠮᠦᠨᠡᠲᠦ ᠬᠠᠭᠠᠰ ᠪᠥᠮᠪᠥᠷᠴᠡᠭ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ︶ ᠵᠢᠴᠢ ᠬᠤᠶᠢᠰᠢᠳᠠ ᠮᠥᠨ ᠬᠦ  ᠠᠯᠤᠰ ᠡᠴᠠ‌‍ᠰᠤᠷᠤᠯᠴᠠᠬᠤ ᠠᠷᠭ᠎ᠠ  ᠬᠡᠯᠪᠡᠷᠢ  ︵ᠰᠢᠨ᠎ᠡ ᠪᠠᠷ  ᠰᠤᠷᠭᠠᠭᠤᠯᠢ ᠳᠤ  ᠣᠷᠣᠭᠰᠠᠨ  ᠪᠠ  ᠦᠷᠭᠦᠯᠵᠢᠯᠡᠨ  ᠰᠤᠷᠤᠯᠴᠠᠬᠤ  ᠪᠠᠶᠢᠳᠠᠯ ᠪᠠᠭᠲᠠᠨ᠎ᠠ︶ ᠢᠶᠠᠷ  ᠣᠯᠤᠭᠰᠠᠨ  ᠤᠯᠤᠰ  ︵ᠬᠢᠯᠢ︶ ᠤᠨ  ᠭᠠᠳᠠᠭᠠᠳᠤ ᠶᠢᠨ  ᠰᠤᠷᠤᠯᠭ᠎ᠠ ᠶᠢᠨ  ᠦᠨᠡᠮᠯᠡᠯ ᠳᠤ  ᠦᠢᠯᠡᠴᠢᠯᠡᠭᠡᠨ ᠤ ᠲᠥᠪ ᠠᠴᠠ ᠭᠡᠷᠡᠴᠢᠯᠡᠯ ᠤᠨ ᠦᠢᠯᠡᠴᠢᠯᠡᠭᠡ ᠬᠠᠩᠭᠠᠬᠤ ᠥᠬᠡᠶ ᠭᠡᠵᠡᠢ᠃              ᠠᠯᠪᠠᠨ ᠵᠠᠷ ᠲᠤ  ᠨᠡᠶᠢᠲᠡᠯᠡᠭᠰᠡᠨ ᠢᠶᠠᠷ᠂  ᠣᠳᠣᠬᠠᠨ ᠳᠤ᠂  ᠭᠠᠳᠠᠭᠠᠳᠤ ᠳᠤ  ᠰᠤᠷᠤᠯᠴᠠᠬᠤ  ᠭᠤᠤᠯ  ᠵᠣᠷᠢᠯᠲᠠ ᠵᠢᠨ‌ᠭᠠᠵᠠᠷ ᠨᠢ ᠨᠢᠭᠡᠨᠲᠡ ᠬᠢᠯᠢ ᠬᠢᠵᠠᠭᠠᠷ ᠢᠶᠠᠨ  ᠨᠡᠭᠡᠭᠡᠵᠦ᠂  ᠤᠯᠤᠰ  ︵ᠬᠢᠯᠢ︶ ᠤᠨ  ᠭᠠᠳᠠᠨᠠᠬᠢ  ᠶᠡᠭᠡ  ᠳᠡᠭᠡᠳᠦ  ᠰᠤᠷᠭᠠᠭᠤᠯᠢ ᠨᠢ ᠰᠦᠯᠵᠢᠶᠡᠨ ᠭᠠᠳᠠᠨ᠎ᠠ ᠬᠢᠴᠢᠶᠡᠯ ᠣᠷᠣᠬᠤ ᠪᠠᠨ ᠪᠥᠬᠦ  ᠲᠠᠯ᠎ᠠ ᠪᠠᠷ  ᠰᠡᠷᠭᠦᠭᠡᠪᠡ᠃  ᠤᠯᠤᠰ ᠤᠨ  ᠡᠷᠡᠭᠦᠯ  ᠬᠠᠮᠠᠭᠠᠯᠠᠯ  ᠡᠷᠡᠭᠦᠯ ᠮᠡᠨᠳᠦ ᠶᠢᠨ ᠵᠥᠪᠯᠡᠯ 2023 ᠣᠨ ᠤ 1  ᠰᠠᠷ᠎ᠠ ᠶᠢᠨ  8 ᠤ  ᠡᠳᠦᠷ ᠠᠴᠠ  ᠡᠬᠢᠯᠡᠨ᠂  ᠰᠢᠨ᠎ᠡ  ᠬᠡᠯᠪᠡᠷᠢ ᠶᠢᠨ  ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ  ︽ᠬᠥᠬᠡᠭᠴᠢᠨ  ᠲᠥᠷᠥᠯ ᠤᠨ  ᠬᠥᠬᠡᠭᠴᠢᠨ  ᠬᠠᠮᠢᠶᠠᠷᠤᠯᠲᠠ︾ ᠶᠢ  ᠬᠡᠷᠡᠭᠵᠢᠭᠦᠯᠵᠦ᠂  ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠤ ᠰᠢᠨ᠎ᠡ ᠱᠠᠲᠤᠨ ᠳᠤ  ᠣᠷᠣᠪᠠ  ᠭᠡᠵᠦ  ᠨᠡᠶᠢᠲᠡᠯᠡᠪᠡ᠃ ᠥᠷᠭᠡᠨ ᠣᠯᠠᠨ ᠭᠠᠳᠠᠭᠠᠳᠤ ᠳᠤ ᠰᠤᠷᠤᠯᠴᠠᠭᠰᠠᠳ ᠤᠨ ᠠᠰᠢᠭ ᠲᠤᠰᠠ ᠶᠢ ᠦᠨᠡᠨ ᠬᠦ ᠪᠠᠲᠤᠯᠠᠵᠤ᠂  ᠰᠤᠷᠭᠠᠨ  ᠬᠥᠮᠦᠵᠢᠯ ‍ᠤᠨ‌ᠡᠷᠬᠡ  ᠲᠡᠭᠰᠢ  ᠪᠠᠶᠢᠬᠤ ᠶᠢ  ᠬᠠᠮᠠᠭᠠᠯᠠᠬᠤ ᠶᠢᠨ  ᠲᠥᠯᠥᠭᠡ᠂  ᠦᠢᠯᠡᠴᠢᠯᠡᠭᠡᠨ ᠤ  ᠲᠥᠪ ᠠᠴᠠ   ᠬᠢᠵᠢᠭ ᠤᠨ   ᠪᠠᠶᠢᠳᠠᠯ ‍ᠤᠨ‌ᠬᠤᠭᠤᠴᠠᠭᠠᠨ ᠳᠠᠬᠢ ᠣᠨᠴᠠᠭᠠᠶ ᠭᠡᠷᠡᠴᠢᠯᠡᠯ ᠤᠨ ᠲᠦᠷᠢᠮ ᠢ ᠬᠦᠴᠦᠨ ᠥᠬᠡᠶ ᠪᠣᠯᠭᠠᠬᠤ ᠪᠠᠷ  ᠲᠣᠭᠲᠠᠪᠠ᠃  2023  ᠣᠨ ᠤ ᠬᠠᠪᠤᠷ ᠤᠨ ᠤᠯᠠᠷᠢᠯ ᠤᠨ  ᠰᠤᠷᠤᠯᠭ᠎ᠠ ᠶᠢᠨ  ᠬᠤᠭᠤᠴᠠᠭ᠎ᠠ  ︵ᠡᠮᠦᠨᠡᠲᠦ  ᠬᠠᠭᠠᠰ  ᠪᠥᠮᠪᠥᠷᠴᠡᠭ ᠤᠨ  ᠨᠠᠮᠤᠷ ᠤᠨ  ᠤᠯᠠᠷᠢᠯ ‍ᠤᠨ‌‍ᠰᠤᠷᠤᠯᠭ᠎ᠠ ᠶᠢᠨ ᠬᠤᠭᠤᠴᠠᠭ᠎ᠠ︶ ᠵᠢᠴᠢ ᠬᠤᠶᠢᠰᠢᠳᠠ ᠮᠥᠨ ᠬᠦ ᠠᠯᠤᠰ ᠠᠴᠠ ᠰᠤᠷᠤᠯᠴᠠᠬᠤ  ᠠᠷᠭ᠎ᠠ  ᠬᠡᠯᠪᠡᠷᠢ ᠪᠠᠷ  ᠰᠤᠷᠤᠯᠴᠠᠵᠤ ︵ᠰᠢᠨ᠎ᠡ ᠪᠠᠷ ᠰᠤᠷᠭᠠᠭᠤᠯᠢ ᠳᠤ ᠤᠷᠤᠭᠰᠠᠨ ᠪᠠ  ᠦᠷᠭᠦᠯᠵᠢᠯᠡᠨ  ᠰᠤᠷᠤᠯᠴᠠᠬᠤ  ᠪᠠᠶᠢᠳᠠᠯ  ᠪᠠᠭᠲᠠᠨ᠎ᠠ︶  ᠣᠯᠤᠭᠰᠠᠨ  ᠤᠯᠤᠰ︵ᠬᠢᠯᠢ︶ ᠤᠨ ᠭᠠᠳᠠᠭᠠᠳᠤ ᠶᠢᠨ ᠰᠤᠷᠤᠯᠭ᠎ᠠ ᠶᠢᠨ ᠦᠨᠡᠮᠯᠡᠯ ᠢ ᠦᠢᠯᠡᠴᠢᠯᠡᠭᠡᠨ ᠤ ᠲᠥᠪ ᠠᠴᠠ ᠭᠡᠷᠡᠴᠢᠯᠡᠬᠦ ᠦᠢᠯᠡᠴᠢᠯᠡᠭᠡ  ᠳᠠᠬᠢᠨ‌ᠬᠠᠩᠭᠠᠬᠤ ᠥᠬᠡᠶ᠃ ᠦᠨᠡᠬᠡᠷ  ᠣᠨᠴᠠᠭᠠᠶ  ᠰᠢᠯᠲᠠᠭᠠᠨ ᠲᠠᠢ  ᠪᠥᠭᠡᠳ  ᠬᠤᠯᠪᠣᠭᠳᠠᠯ  ᠪᠥᠬᠦᠶ  ᠲᠣᠭᠲᠠᠭᠠᠯ ᠳᠤ  ᠨᠡᠶᠢᠴᠡᠪᠡᠯ᠂ ᠦᠢᠯᠡᠴᠢᠯᠡᠭᠡᠨ ᠤ ᠲᠥᠪ ᠠᠴᠠ ᠣᠨᠴᠠᠭᠠᠶ ᠬᠡᠷᠡᠭ ᠢᠶᠠᠷ ᠰᠠᠶᠢᠲᠤᠷ ᠰᠢᠢᠳᠪᠦᠷᠢᠯᠡᠨ᠎ᠡ ᠭᠡᠵᠡᠢ᠃
ᠢᠷᠡᠯᠲᠡ᠄ ᠠᠷᠠᠳ ᠤᠨ ᠰᠦᠯᠵᠢᠶ᠎ᠡ