ᠡᠳᠡᠭᠡᠷ ᠰᠤᠷᠤᠭᠴᠢ ᠶᠢ ᠬᠥᠮᠦᠨ ᠪᠦᠷᠢ 6000 ᠲᠥᠭᠦᠷᠢᠭ ᠢᠶᠠᠷ ᠱᠠᠩᠨᠠᠨ᠎ᠠ︕
ᠨᠡᠶᠢᠲᠡᠯᠡᠭᠰᠡᠨ ᠴᠠᠭ᠄
2023/5/6
      ᠣᠶᠢᠷ᠎ᠠ ᠳᠤ᠂ ᠰᠤᠷᠭᠠᠨ  ᠬᠥᠮᠦᠵᠢᠯ ᠤᠨ  ᠶᠠᠮᠤᠨ ᠤ  ᠰᠦᠯᠵᠢᠶ᠎ᠡ  ︽2021  —  2021  ᠣᠨ ᠤ  ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠭᠥᠷᠳᠡᠭᠰᠡᠳ ᠤᠨ ᠨᠡᠷᠡᠰ ᠤᠨ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ ᠵᠠᠷ︾ ᠢ ᠨᠡᠶᠢᠲᠡᠯᠡᠪᠡ᠃              ᠠᠯᠪᠠᠨ ᠵᠠᠷ ᠲᠤ᠂ ᠰᠤᠷᠭᠠᠨ ᠬᠥᠮᠦᠵᠢᠯ ᠤᠨ ᠶᠠᠮᠤᠨ᠂ ᠬᠥᠮᠦᠨ ᠤ  ᠬᠦᠴᠦᠨ ᠤ  ᠡᠬᠢ  ᠪᠠᠶᠠᠯᠢᠭ  ᠪᠠ  ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ  ᠬᠠᠮᠲᠤᠷᠠᠨ  ᠳᠤᠮᠳᠠ  ᠵᠡᠷᠭᠡ ᠶᠢᠨ  ᠠᠵᠢᠯ  ᠮᠡᠷᠭᠡᠵᠢᠯ ᠤᠨ  ᠰᠤᠷᠭᠠᠨ‌‍ᠬᠥ᠋ᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ ᠬᠢᠨᠠᠨ  ᠲᠣᠭᠲᠠᠭᠠᠬᠤ  ᠤᠳᠤᠷᠢᠳᠬᠤ  ᠳᠤᠭᠤᠶᠢᠯᠠᠩ  ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ ᠬᠢᠨᠠᠨ ᠲᠣᠭᠲᠠᠭᠠᠬᠤ ᠺᠣᠮᠢᠰ ᠢ ᠪᠠᠶᠢᠭᠤᠯᠤᠭᠠᠳ᠂ ᠪᠤᠰᠤᠳᠴᠢ᠂ ᠡᠷᠭᠡ ᠲᠡᠭᠰᠢ᠂ ᠲᠦᠪ ᠭᠤᠣᠯᠴᠢ  ᠪᠠᠶᠢᠬᠤ  ᠵᠠᠷᠴᠢᠮ  ᠢᠶᠠᠷ  2022ᠣᠨ ᠤ ᠡᠯ᠎ᠡ ᠮᠤᠵᠢ ︵ᠣᠷᠣᠨ᠂ ᠬᠤᠲᠠ︶᠂ ᠡᠯ᠎ᠡ ᠲᠥᠯᠥᠪᠯᠡᠭᠡ ᠶᠢ ᠠᠰ ᠲᠤᠨᠢ ᠲᠤᠬᠳᠠᠭᠠᠵᠤ ᠪᠠᠶᠢᠭ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂  ᠤᠮᠠᠷᠠᠲᠤ ᠶᠢᠨ  ᠠᠲᠠᠷ  ᠬᠠᠭᠠᠯᠪᠤᠷᠢᠯᠠᠯᠲᠠ ᠶᠢᠨ  ᠪᠦᠯᠦᠭᠯᠡᠯ᠂ ᠭᠤᠸᠠᠩᠳᠦ᠋ᠩ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠶᠡᠷᠦᠩᠬᠡᠶ ᠲᠣᠪᠴᠢᠶ᠎ᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ  ᠮᠥᠴᠢᠷ ᠲᠤ  ᠬᠠᠷᠢᠶᠠᠯᠠᠭᠳᠠᠬᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ  ᠰᠤᠷᠭᠠᠭᠤᠯᠢ  ᠪᠠᠭᠲᠠᠨ᠎ᠠ᠂  ᠳᠣᠷᠣᠭᠰᠢ ᠠᠳᠠᠯᠢ︶᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠰᠤᠷᠭᠠᠭᠤᠯᠢ ᠶᠢᠨ  ᠬᠠᠷᠢᠶᠠᠲᠤ  ᠳᠤᠮᠳᠠ‌ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ  ᠮᠡᠳᠡᠭᠦᠯᠦᠨ  ᠬᠦᠷᠭᠡᠭᠰᠡᠨ  ᠬᠢᠨᠠᠨ  ᠲᠣᠭᠲᠠᠭᠠᠬᠤ  ᠮᠠᠲ᠋ᠧᠷᠢᠶᠠᠯ ᠢ  ᠨᠠᠷᠢᠨ ᠬᠢᠨᠠᠮᠠᠭᠠᠶ ᠬᠢᠨᠠᠨ ᠲᠣᠭᠲᠠᠭᠠᠪᠠ᠃ ᠬᠢᠨᠠᠨ ᠲᠣᠭᠲᠠᠭᠠᠬᠤ ᠪᠠᠷ ᠳᠡᠮᠵᠢᠨ᠂ ᠨᠡᠶᠢᠲᠡ 19996  ᠰᠣᠷᠣᠭᠴᠢ  ᠳᠤ  2021  —2022  ᠰᠤᠷᠤᠯᠭ᠎ᠠ ᠶᠢᠨ  ᠣᠨ ᠤ  ᠳᠤᠮᠳᠠ  ᠵᠡᠷᠭᠡ ᠶᠢᠨ  ᠠᠵᠢᠯ  ᠮᠡᠷᠭᠡᠵᠢᠯ ᠤᠨ  ᠰᠤᠷᠭᠠᠨ  ᠬᠥᠮᠦᠵᠢᠯ ᠤᠨ  ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠤᠯᠭᠤᠵᠤ᠂ ᠬᠥᠮᠦᠨ ᠪᠦᠷᠢ ᠳᠤ 6000 ᠲᠥᠭᠦᠷᠢᠭ ᠱᠠᠩᠨᠠᠬᠤ ᠪᠠᠷ ᠲᠣᠭᠲᠠᠪᠠ᠂ ᠣᠲᠣ ᠵᠠᠷᠯᠠᠶ᠎ᠠ ᠬᠡᠪᠡ᠃ 
ᠢᠷᠡᠯᠲᠡ᠄ ᠠᠷᠠᠳ ᠤᠨ ᠰᠦᠯᠵᠢᠶ᠎ᠡ