ᠰᠤᠷᠭᠠᠨ ᠬᠥᠮᠦᠵᠢᠯ ᠤᠨ ᠶᠠᠮᠤᠨ᠄ ᠡᠳᠡᠭᠡᠷ ᠬᠦᠮᠦᠰ ᠤᠨ ᠣᠷᠣᠨ ᠲᠤᠭ᠎ᠠ ᠲᠠᠢ ᠠᠵᠢᠯ ᠤᠨ ᠪᠠᠶᠢᠷᠢ ᠲᠠᠢ  ᠪᠤᠯᠬᠤ ᠶᠢ ᠪᠠᠲᠤᠯᠠᠬᠤ ᠭᠡᠷᠡᠭᠳᠡᠢ︕
ᠨᠡᠶᠢᠲᠡᠯᠡᠭᠰᠡᠨ ᠴᠠᠭ᠄
2023/5/6
      ᠰᠤᠷᠭᠠᠨ ᠬᠥᠮᠦᠵᠢᠯ ᠤᠨ ᠶᠠᠮᠤᠨ᠄ ᠠᠵᠢᠯ ᠣᠯᠭᠤᠯᠲᠠ ᠶᠢᠨ ᠨᠥᠬᠦᠴᠡᠯ ᠳᠤ ᠨᠡᠶᠢᠴᠡᠬᠦ  ᠠᠯᠪᠠᠨ ᠤ  ᠰᠦᠢᠳᠭᠡᠯ  ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ  ᠤᠶᠤᠲᠠᠳ ᠤᠨ  ᠣᠷᠣᠨ  ᠲᠤᠭ᠎ᠠ ᠲᠠᠢ  ᠠᠵᠢᠯ  ᠤᠨ  ᠪᠠᠶᠢᠷᠢ ᠲᠠᠢ  ᠪᠤᠯᠬᠤ ᠶᠢ ᠪᠠᠲᠤᠯᠠᠬᠤ ᠭᠡᠷᠡᠭᠳᠡᠢ᠃      ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂  ︽2023  ᠣᠨ ᠤ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ  ᠪᠠᠭᠰᠢ ᠶᠢᠨ  ᠶᠡᠭᠡ  ᠰᠤᠷᠭᠠᠭᠤᠯᠢ ᠶᠢᠨ  ᠠᠯᠪᠠᠨ ᠤ  ᠰᠦᠢᠳᠭᠡᠯ  ᠢᠶᠠᠷ ᠰᠤᠷᠤᠯᠴᠠᠬᠰᠠᠨ  ᠪᠠᠭᠰᠢ ᠶᠢᠨ  ᠰᠤᠷᠭᠠᠭᠤᠯᠢ  ᠲᠡᠭᠦᠰᠦᠭᠰᠡᠳ ᠲᠤ  ᠠᠵᠢᠯ  ᠣᠯᠭᠤᠬᠤ  ᠠᠵᠢᠯ ᠢ  ᠰᠠᠶᠢᠲᠤᠷ  ᠬᠢᠬᠦ   ᠲᠤᠬᠠᠶ ᠮᠡᠳᠡᠭᠳᠡᠯ︾ ᠢ ᠲᠦᠷᠦᠭᠦᠬᠡᠨ ᠳᠠᠷᠤᠮᠠᠯᠯᠠᠨ ᠲᠠᠷᠬᠠᠭᠠᠪᠠ᠃ ᠮᠡᠳᠡᠭᠳᠡᠯ ᠳᠤ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ  ᠵᠠᠬᠢᠷᠭᠠᠨ ᠤ  ᠰᠠᠯᠠᠭ᠎ᠠ  ᠮᠥᠴᠢᠷ  ᠨᠢ  ᠠᠯᠪᠠᠨ ᠤ  ᠰᠦᠢᠳᠭᠡᠯ  ᠢᠶᠠᠷ  ᠰᠤᠷᠤᠯᠴᠠᠬᠰᠠᠨ  ᠪᠠᠭᠰᠢ ᠶᠢᠨ  ᠮᠡᠷᠭᠡᠵᠢᠯ ᠤᠨ ᠤᠶᠤᠲᠠᠳ ᠤᠨ ᠲᠤᠰᠬᠠᠶ  ᠡᠯᠰᠡᠯᠲᠡ ᠶᠢᠨ  ᠠᠵᠢᠯᠯᠠᠭ᠎ᠠ ᠶᠢ  ᠦᠷᠭᠦᠯᠵᠢᠯᠡᠨ  ᠵᠣᠬᠢᠶᠠᠨ  ᠪᠠᠶᠢᠭᠤᠯᠵᠤ᠂  ᠬᠤᠭᠤᠰᠣᠨ  ᠣᠷᠣᠨ ᠲᠤᠭ᠎ᠠ ᠶᠢ ᠤᠷᠢᠳ ᠢᠶᠠᠷ ᠠᠰᠢᠭᠯᠠᠨ ᠡᠯᠰᠡᠨ ᠠᠪᠬᠤ ᠵᠡᠷᠭᠡ ᠠᠷᠭ᠎ᠠ ᠪᠠᠷ  ᠳᠠᠮᠵᠢᠭᠤᠯᠤᠨ᠂  ᠠᠵᠢᠯ  ᠣᠯᠭᠤᠬᠤ  ᠨᠥᠬᠦᠴᠡᠯ ᠳᠤ ᠨᠡᠶᠢᠴᠡᠬᠦ ᠠᠯᠪᠠᠨ ᠤ ᠰᠦᠢᠳᠭᠡᠯ ᠢᠶᠠᠷ  ᠰᠤᠷᠤᠯᠴᠠᠬᠰᠠᠨ  ᠪᠠᠭᠰᠢ ᠶᠢᠨ  ᠮᠡᠷᠭᠡᠵᠢᠯ ᠤᠨ  ᠤᠶᠤᠲᠠᠳ ᠤᠨ  ᠣᠷᠣᠨ  ᠲᠤᠭ᠎ᠠ ᠲᠠᠢ ᠠᠵᠢᠯ ᠤᠨ ᠪᠠᠶᠢᠷᠢ ᠲᠠᠢ ᠪᠤᠯᠬᠤ ᠶᠢ ᠪᠠᠲᠤᠯᠠᠵᠤ᠂ ᠪᠠᠭᠰᠢᠯᠠᠬᠤ ᠰᠤᠷᠭᠠᠭᠤᠯᠢ ᠶᠢ ᠨᠢ ᠪᠦᠬᠦᠨ ᠢ ᠨᠠᠶᠢᠳᠠᠪᠤᠷᠢᠵᠢᠭᠤᠯᠵᠤ᠂ ︽ᠣᠷᠣᠨ ᠲᠤᠭ᠎ᠠ ᠪᠠᠶᠢᠭᠠᠳ ᠨᠥᠬᠦᠪᠥᠷᠢᠯᠡᠬᠦ ᠥᠬᠡᠶ︾ ᠪᠠᠶᠢᠬᠤ ᠶᠠᠪᠤᠳᠠᠯ ᠢ ᠴᠢᠩᠭ᠎ᠠ ᠬᠤᠷᠢᠬᠯᠠᠬᠤ ᠬᠡᠷᠡᠭᠲᠡᠶ ᠭᠡᠵᠦ ᠱᠠᠭᠠᠷᠳᠠᠪᠠ᠃              ᠮᠡᠳᠡᠭᠳᠡᠯ ᠳᠤ᠂ 2023 ᠣᠨ ᠤ 5 ᠰᠠᠷ᠎ᠠ ᠶᠢᠨ ᠰᠡᠭᠦᠯᠴᠢ ᠠᠴᠠ  ᠡᠮᠦᠨ᠎ᠡ᠂  90  % ᠶᠢᠨ  ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠬᠤᠤᠰ ᠴᠢᠭᠯᠡᠯᠳᠦ ᠰᠤᠩᠭᠤᠯᠳᠠ  ᠪᠠᠷ  ᠲᠠᠮᠵᠢᠨ ᠪᠠᠭᠰᠢᠯᠠᠬᠤ ᠰᠤᠷᠭᠠᠭᠤᠯᠢ ᠶᠢ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ 2023 ᠣᠨ ᠤ  6  ᠰᠠᠷ᠎ᠠ ᠶᠢᠨ ᠰᠡᠭᠦᠯᠴᠢ ᠪᠣᠯᠲᠠᠯ᠎ᠠ ᠮᠥᠨ ᠬᠦ ᠭᠡᠷ᠎ᠡ ᠲᠣᠭᠲᠠᠭᠠᠳᠤᠶ  ᠠᠯᠪᠠᠨ ᠤ  ᠰᠦᠢᠳᠭᠡᠯ  ᠢᠶᠠᠷ  ᠰᠤᠷᠤᠯᠴᠠᠬᠰᠠᠨ  ᠪᠠᠭᠰᠢ ᠶᠢᠨ ᠮᠡᠷᠭᠡᠵᠢᠯ ᠤᠨ ᠤᠶᠤᠲᠠᠳ ᠤᠨ ᠲᠠᠩᠰᠠ ᠡᠪᠬᠡᠮᠡᠯ᠂  ᠡᠷᠦᠬᠡ  ᠠᠮᠠ  ᠵᠡᠷᠭᠡ ᠶᠢ  ᠰᠣᠷᠣᠭᠴᠢ ᠶᠢᠨ  ᠢᠷᠡᠯᠲᠡ ᠶᠢᠨ  ᠭᠠᠵᠠᠷ ᠤᠨ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠢᠯᠵᠢᠭᠦᠯᠵᠦ᠂  ᠡᠯ᠎ᠡ  ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ  ᠰᠠᠯᠠᠭ᠎ᠠ  ᠮᠥᠴᠢᠷ ᠲᠠᠢ ᠬᠠᠮᠲᠤᠷᠠᠨ ᠪᠠᠭᠰᠢ ᠳᠤᠲᠠᠭᠳᠠᠵᠤ ᠪᠠᠶᠢᠭ᠎ᠠ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ  ᠨᠢᠭᠡᠳᠦᠯᠲᠡᠶ  ᠲᠣᠬᠢᠷᠠᠭᠤᠯᠤᠨ ᠪᠠᠭᠰᠢᠯᠠᠭᠤᠯᠵᠤ᠂ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠢ ᠰᠤᠷᠭᠠᠭᠤᠯᠢ ᠠᠴᠠ ᠨᠢ ᠰᠠᠯᠬᠤ ᠠᠴᠠ  ᠡᠮᠦᠨ᠎ᠡ  ᠡᠷᠬᠡᠪᠰᠢ  ᠪᠠᠭᠰᠢᠯᠠᠬᠤ  ᠰᠤᠷᠭᠠᠭᠤᠯᠢ ᠶᠢ  ᠨᠢ  ᠪᠦᠬᠦᠨ ᠢ  ᠨᠠᠶᠢᠳᠠᠪᠤᠷᠢᠵᠢᠭᠤᠯᠬᠤ  ᠬᠡᠷᠡᠭᠲᠡᠶ   ᠭᠡᠵᠦ ᠱᠠᠭᠠᠷᠳᠠᠵᠠᠢ᠃              ᠮᠡᠳᠡᠭᠳᠡᠯ ᠢ ᠦᠨᠳᠦᠰᠦᠯᠡᠪᠡᠯ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ  ᠵᠠᠬᠢᠷᠭᠠᠨ ᠤ  ᠰᠠᠯᠠᠭ᠎ᠠ ᠮᠥᠴᠢᠷ ᠨᠢ ᠠᠯᠪᠠᠨ ᠤ ᠰᠦᠢᠳᠭᠡᠯ  ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠭᠡᠷ᠎ᠡ ᠪᠠᠨ ᠬᠦᠢᠴᠡᠳᠭᠡᠬᠦ ᠬᠠᠮᠢᠶᠠᠷᠤᠯᠲᠠ ᠶᠢ ᠴᠢᠩᠭᠠᠳᠬᠠᠵᠤ᠂ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ  ᠮᠡᠷᠭᠡᠵᠢᠯ ᠤᠨ  ᠤᠶᠤᠲᠠᠳ ᠤᠨ ᠠᠯᠪᠠᠨ ᠤ ᠰᠦᠢᠳᠭᠡᠯ ᠤᠨ ᠰᠤᠷᠭᠠᠨ ᠬᠥᠮᠦᠵᠢᠯ ᠤᠨ ᠬᠡᠯᠡᠯᠴᠡᠭᠡᠷ ᠢ ᠴᠢᠩᠭ᠎ᠠ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂  ᠬᠦᠨᠳᠦ ᠡᠪᠡᠳᠴᠢᠨ ᠠᠴᠠ ᠪᠣᠯᠵᠣ ᠰᠤᠷᠤᠯᠭ᠎ᠠ ᠪᠠᠨ ᠳᠠᠭᠤᠰᠬᠠᠵᠤ ᠳᠡᠶᠢᠯᠬᠦ ᠥᠬᠡᠶ ᠪᠤᠶᠤ ᠪᠠᠭᠰᠢᠯᠠᠬᠤ ᠳᠤ ᠳᠣᠭᠢᠷᠠᠬᠤ  ᠥᠬᠡᠶ  ᠪᠥᠭᠡᠳ ᠮᠤᠵᠢ ᠶᠢᠨ  ᠱᠠᠲᠤᠨ ᠤ  ᠰᠤᠷᠭᠠᠨ  ᠬᠥᠮᠦᠵᠢᠯ ᠤᠨ  ᠵᠠᠰᠠᠭ  ᠵᠠᠬᠢᠷᠭᠠᠨ ᠤ  ᠰᠠᠯᠠᠭ᠎ᠠ  ᠮᠥᠴᠢᠷ ᠤᠨ  ᠵᠢᠭᠠᠨ  ᠲᠣᠭᠲᠠᠭᠠᠭᠰᠠᠨ ᠭᠤᠷᠪᠠᠳᠤᠭᠠᠷ ᠳᠡᠰ ᠤᠨ ᠬᠥᠬᠡ ᠡᠮᠨᠡᠯᠭᠡ ᠶᠢᠨ ᠬᠤᠷᠢᠶ᠎ᠠ ᠶᠢᠨ ᠪᠠᠭᠰᠢ ᠶᠢᠨ ᠬᠢᠷᠢ ᠬᠡᠮ ᠢ  ᠮᠠᠭᠠᠳᠯᠠᠨ  ᠲᠣᠭᠲᠠᠭᠠᠬᠤ  ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠶᠣᠰᠣᠭᠠᠷ ᠪᠠᠶᠢᠴᠠᠭᠠᠵᠤ ᠨᠤᠲᠠᠯᠠᠭᠰᠠᠨ ᠤ ᠳᠠᠷᠠᠭ᠎ᠠ ᠬᠡᠯᠡᠯᠴᠡᠭᠡᠷ ᠢᠶᠠᠨ ᠴᠤᠴᠠᠯᠬᠤ ᠠᠴᠠ  ᠭᠠᠳᠠᠨᠠᠬᠢ‌‍ᠲ᠋ᠣᠰ ᠬᠤᠭᠤᠴᠠᠭᠠᠨ ᠤ ᠠᠯᠪᠠᠨ ᠤ ᠰᠦᠢᠳᠭᠡᠯ ᠢᠶᠠᠷ  ᠰᠤᠷᠤᠯᠴᠠᠬᠰᠠᠨ  ᠪᠠᠭᠰᠢ ᠶᠢᠨ  ᠮᠡᠷᠭᠡᠵᠢᠯ ᠤᠨ  ᠤᠶᠤᠲᠠᠳ  ᠰᠤᠷᠭᠠᠭᠤᠯᠢ ᠲᠡᠭᠦᠰᠬᠦ ᠠᠴᠠ ᠡᠮᠦᠨ᠎ᠡ ᠴᠥᠮ  ᠭᠡᠷ᠎ᠡ ᠪᠠᠨ  ᠴᠤᠴᠠᠯᠵᠤ  ᠪᠣᠯᠬᠤ  ᠥᠬᠡᠶ᠃  ᠠᠯᠪᠠᠨ ᠤ  ᠰᠦᠢᠳᠭᠡᠯ  ᠢᠶᠠᠷ  ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠣᠨᠴᠠᠭᠠᠶ ᠰᠢᠯᠲᠠᠭᠠᠨ ᠠᠴᠠ ᠪᠣᠯᠵᠣ ᠬᠡᠯᠡᠯᠴᠡᠭᠡᠷ ᠢᠶᠠᠨ ᠬᠦᠢᠴᠡᠳᠭᠡᠵᠦ  ᠳᠡᠶᠢᠯᠬᠦ  ᠥᠬᠡᠶ ᠪᠣᠯ᠂ ᠡᠷᠬᠡᠪᠰᠢ  ᠰᠣᠷᠣᠭᠴᠢ ᠶᠢᠨ  ᠢᠷᠡᠯᠲᠡ ᠶᠢᠨ  ᠭᠠᠵᠠᠷ ᠤᠨ  ᠮᠤᠵᠢ ᠶᠢᠨ  ᠱᠠᠲᠤᠨ ᠤ  ᠰᠤᠷᠭᠠᠨ  ᠬᠥᠮᠦᠵᠢᠯ ᠤᠨ  ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ  ᠬᠠᠮᠲᠤ᠂  ᠨᠢᠭᠡᠨᠲᠡ  ᠭᠥᠷᠳᠡᠭᠰᠡᠨ  ᠠᠯᠪᠠᠨ ᠤ  ᠰᠦᠢᠳᠭᠡᠯ  ᠢᠶᠠᠷ ᠰᠤᠷᠤᠯᠴᠠᠬᠰᠠᠨ ᠰᠤᠷᠭᠠᠨ ᠬᠥᠮᠦᠵᠢᠯ ᠤᠨ ᠰᠦᠢᠳᠭᠡᠯ ᠢ ᠲᠣᠭᠲᠠᠭᠠᠯ  ᠶᠣᠰᠣᠭᠠᠷ  ᠪᠤᠴᠠᠭᠠᠵᠤ᠂  ᠭᠡᠷ᠎ᠡ  ᠵᠥᠷᠢᠴᠡᠭᠰᠡᠨ  ᠮᠥᠩᠭᠦ ᠲᠤᠰᠢᠶᠠᠵᠤ᠂ ᠪᠠᠭᠰᠢ ᠶᠢᠨ ᠮᠡᠷᠭᠡᠵᠢᠯ ᠤᠨ ᠤᠶᠤᠲᠠᠳ ᠤᠨ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠰᠤᠷᠭᠠᠨ ᠬᠦᠮᠦᠵᠢᠯ ᠤᠨ ᠬᠡᠯᠡᠯᠴᠡᠭᠡᠷ ᠢ ᠬᠦᠴᠦᠨ ᠥᠬᠡᠶ ᠪᠣᠯᠭᠠᠬᠤ ᠬᠡᠷᠡᠭᠲᠡᠶ ᠭᠡᠪᠡ᠃              ᠮᠡᠳᠡᠭᠳᠡᠯ ᠳᠤ ᠪᠠᠰᠠ᠂  ᠡᠯ᠎ᠡ  ᠮᠤᠵᠢ ᠶᠢᠨ  ᠱᠠᠲᠤᠨ ᠤ  ᠰᠤᠷᠭᠠᠨ  ᠬᠥᠮᠦᠵᠢᠯ ᠤᠨ  ᠵᠠᠰᠠᠭ  ᠵᠠᠬᠢᠷᠭᠠᠨ ᠤ  ᠰᠠᠯᠠᠭ᠎ᠠ ᠮᠥᠴᠢᠷ ᠨᠢ ᠪᠠᠶᠢᠭᠤᠯᠤᠮᠵᠢ ᠣᠷᠣᠨ ᠲᠣᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠬᠠᠷᠭᠤᠭᠤᠯᠤᠨ  ᠲᠣᠭᠲᠠᠭᠠᠭᠰᠠᠨ  ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢᠨ ᠶᠡᠷᠦᠩᠬᠡᠶ ᠲᠤᠭ᠎ᠠ ᠶᠢᠨ ᠳᠣᠲᠣᠷ᠎ᠠ᠂  ᠠᠯᠪᠠᠨ ᠤ  ᠰᠦᠢᠳᠭᠡᠯ  ᠢᠶᠠᠷ ᠰᠤᠷᠤᠯᠴᠠᠬᠰᠠᠨ  ᠪᠠᠭᠰᠢ ᠶᠢᠨ  ᠮᠡᠷᠭᠡᠵᠢᠯ ᠤᠨ  ᠤᠶᠤᠲᠠᠳ ᠤᠨ  ᠣᠷᠣᠨ   ᠲᠤᠭ᠎ᠠ ᠶᠢᠨ   ᠲᠥᠯᠥᠪᠯᠡᠭᠡ ᠶᠢ   ᠤᠷᠢᠳᠴᠢᠯᠠᠨ ᠳᠣᠭᠢᠷᠠᠭᠤᠯᠵᠦ ᠣᠨᠣᠪᠴᠢᠲᠠᠶ ᠬᠠᠷᠭᠤᠭᠤᠯᠤᠨ ᠪᠠᠶᠢᠴᠠᠭᠠᠵᠤ᠂ ᠲᠣᠰ ᠭᠠᠵᠠᠷ  ᠣᠷᠣᠨ ᠤ  ᠳᠤᠮᠳᠠᠳᠤ  ᠪᠠᠭ᠎ᠠ  ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ  ᠲᠥᠯᠥᠪᠯᠡᠬᠦ  ᠬᠡᠷᠡᠭᠲᠡᠶ᠃  ᠡᠯ᠎ᠡ  ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ  ᠮᠥᠴᠢᠷ᠂  ᠡᠯ᠎ᠡ  ᠶᠠᠮᠤᠨ ᠤ  ᠬᠠᠷᠢᠶ᠎ᠠ  ᠪᠠᠭᠰᠢ ᠶᠢᠨ  ᠶᠡᠭᠡ ᠰᠤᠷᠭᠠᠭᠤᠯᠢ ᠨᠢ  ᠬᠠᠮᠢᠶ᠎ᠠ  ᠪᠥᠬᠦᠶ  ᠡᠭᠦᠷᠭᠡ  ᠴᠢᠳᠡᠪᠬᠢᠳᠦ  ᠰᠠᠯᠠᠭ᠎ᠠ   ᠮᠥᠴᠢᠷ ᠯᠦᠭᠡ   ᠵᠣᠬᠢᠴᠠᠯᠳᠤᠨ   ᠬᠠᠮᠵᠢᠯᠴᠠᠬᠤ ᠪᠠᠨ‌‍ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂  ᠠᠯᠪᠠᠨ ᠤ  ᠰᠦᠢᠳᠭᠡᠯ  ᠢᠶᠠᠷ ᠰᠤᠷᠤᠯᠴᠠᠬᠰᠠᠨ  ᠪᠠᠭᠰᠢ ᠶᠢᠨ  ᠮᠡᠷᠭᠡᠵᠢᠯ ᠤᠨ  ᠤᠶᠤᠲᠠᠳ ᠤᠨ   ᠠᠵᠢᠯ   ᠣᠯᠭᠤᠯᠲᠠ ᠶᠢᠨ   ᠲᠥᠷᠥ ᠶᠢᠨ   ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠭᠡᠷᠡᠭᠳᠡᠢ ᠭᠡᠵᠦ ᠱᠠᠭᠠᠷᠳᠠᠵᠠᠢ᠃
ᠢᠷᠡᠯᠲᠡ᠄ ᠠᠷᠠᠳ ᠤᠨ ᠰᠦᠯᠵᠢᠶ᠎ᠡ