ᠠᠰᠫᠢᠷᠠᠨᠲ ᠤᠨ ᠰᠢᠯᠭᠠᠯᠲᠠ ᠳᠤ ᠠᠷᠭ᠎ᠠ  ᠴᠢᠨᠠᠷ ᠤᠨ ᠰᠢᠯᠭᠠᠯᠲᠠ ᠶᠢᠨ ᠲᠠᠯᠠᠪᠠᠶ ᠭᠠᠷᠭᠠᠨ᠎ᠠ ᠭᠡᠵᠦ ᠭᠤᠷᠪᠠᠨ ᠰᠠᠯᠠᠭ᠎ᠠ ᠮᠥᠴᠢᠷ ᠲᠣᠳᠣᠷᠬᠠᠶ ᠲᠣᠭᠳᠠᠭᠠᠪᠠ
ᠨᠡᠶᠢᠲᠡᠯᠡᠭᠰᠡᠨ ᠴᠠᠭ᠄
2023/5/6
       ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠡᠷᠡᠭᠦᠯ  ᠬᠠᠮᠠᠭᠠᠯᠠᠯ  ᠡᠷᠡᠭᠦᠯ  ᠮᠡᠨᠳᠦ ᠶᠢᠨ  ᠵᠥᠪᠯᠡᠯ᠂ ᠤᠯᠤᠰ ᠤᠨ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ 2023 ᠣᠨ ᠤ  ᠪᠥᠬᠦ  ᠤᠯᠤᠰ ᠤᠨ  ᠠᠰᠫᠢᠷᠠᠨᠲ ᠡᠯᠰᠡᠬᠦ ᠰᠢᠯᠭᠠᠯᠲᠠ ᠶᠢᠨ ᠳᠤᠭᠤᠶᠢᠯᠠᠩ  ᠤᠨ ᠬᠢᠵᠢᠭ ᠢ ᠰᠡᠷᠭᠡᠶᠢᠯᠡᠬᠦ ᠠᠵᠢᠯ ᠳᠤ ᠲᠤᠰᠬᠠᠶ  ᠪᠠᠶᠢᠷᠢᠯᠠᠭᠤᠯᠤᠯᠲᠠ  ᠬᠢᠭᠰᠡᠨ  ᠪᠥᠭᠡᠳ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃              ᠠᠰᠠᠭᠤᠯᠲᠠ  ᠬᠠᠷᠢᠭᠤᠯᠬᠤ   ᠳᠠᠭᠠᠨ᠄  ᠰᠢᠯᠭᠠᠯᠲᠠ ᠶᠢᠨ  ᠲᠠᠯᠠᠪᠤᠷ ᠤᠨ  ᠲᠣᠬᠢᠷᠠᠭᠤᠯᠤᠯᠲᠠ ᠨᠢ  ᠥᠷᠭᠡᠨ  ᠣᠯᠠᠨ ᠰᠢᠯᠭᠠᠭᠤᠯᠤᠭᠴᠢ ᠪᠠ ᠰᠢᠯᠭᠠᠯᠲᠠ ᠶᠢᠨ ᠠᠵᠢᠯᠲᠠᠨ ᠤ  ᠪᠡᠶ᠎ᠡ  ᠮᠠᠬᠠᠪᠣᠳ ᠤᠨ  ᠡᠷᠡᠭᠦᠯ  ᠮᠡᠨᠳᠦ  ᠪᠠ  ᠠᠮᠢ  ᠨᠠᠰᠤᠨ ᠤ  ᠠᠮᠤᠷ ᠲᠦᠪᠰᠢᠨ ᠢ  ᠦᠨᠡᠨ  ᠬᠦ  ᠪᠠᠲᠤᠯᠠᠵᠤ᠂  ᠡᠯ᠎ᠡ  ᠲᠥᠷᠥᠯ ᠤᠨ  ᠰᠢᠯᠭᠠᠭᠤᠯᠤᠭᠴᠢᠳ ᠤᠨ  ᠠᠮᠤᠷ  ᠲᠦᠪᠰᠢᠨ  ᠤᠷᠤᠭᠰᠢᠲᠠᠶ ᠰᠢᠯᠭᠠᠭᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠭᠠᠵᠠᠷ ᠤᠨ ᠬᠢᠨ ᠰᠢᠯᠭᠠᠭᠤᠯᠤᠭᠴᠢᠳ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠶ ᠲᠥᠷᠥᠯ ᠬᠤᠪᠢᠶᠠᠵᠤ᠂ ︽ᠨᠢᠭᠡ ᠲᠥᠷᠥᠯ ᠳᠤ ᠨᠢᠭᠡ ᠠᠷᠭ᠎ᠠ ᠪᠣᠳᠣᠯᠭ᠎ᠠ ᠠᠪᠬᠤ︾  ᠳᠤᠭᠤᠶᠢᠯᠠᠩ ᠤᠨ  ᠰᠢᠯᠭᠠᠯᠲᠠ ᠶᠢᠨ  ᠵᠠᠭᠪᠤᠷ ᠶᠣᠰᠣᠭᠠᠷ᠂ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠦᠨᠳᠦᠰᠦᠯᠡᠨ ᠰᠢᠯᠭᠠᠯᠲᠠ ᠶᠢᠨ ᠣᠷᠣᠨ ᠪᠦᠰᠡ ᠪᠠ  ᠲᠤᠰᠬᠠᠶ  ᠨᠡᠪᠲᠡᠷᠡᠬᠦ ᠵᠠᠮ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠪᠣᠳᠠᠲᠠᠶ ᠲᠠᠢ ᠪᠠᠨ ᠤᠶᠠᠯᠳᠤᠭᠤᠯᠤᠨ ᠪᠥᠭᠡᠮ ᠬᠦᠴᠢᠯ ᠤᠨ ᠪᠢᠯᠢᠭ ᠴᠢᠨᠠᠷᠲᠠᠶ ᠰᠢᠯᠭᠠᠯᠲᠠ ᠶᠢᠨ ᠲᠠᠯᠠᠪᠠᠶ᠂ ᠪᠥᠭᠡᠮ ᠬᠦᠴᠢᠯ ᠤᠨ  ᠠᠷᠭ᠎ᠠ  ᠴᠢᠨᠠᠷᠲᠠᠶ  ᠰᠢᠯᠭᠠᠯᠲᠠ ᠶᠢᠨ  ᠲᠠᠯᠠᠪᠠᠶ  ᠵᠢᠴᠢ  ᠪᠡᠶ᠎ᠡ ᠶᠢᠨ ᠬᠠᠯᠠᠭᠤᠨ ᠬᠡᠪ ᠤᠨ ᠪᠤᠰᠤ ᠵᠡᠷᠭᠡ ᠭᠡᠨᠡᠳᠲᠡ ᠶᠢᠨ  ᠬᠡᠪ  ᠤᠨ  ᠪᠤᠰᠤ  ᠪᠠᠶᠢᠳᠠᠯ ᠳᠤ  ᠬᠡᠷᠡᠭᠯᠡᠬᠦ  ᠪᠠᠴᠢᠮ  ᠪᠠᠶᠢᠳᠠᠯ  ᠢ  ᠠᠷᠭᠠᠴᠠᠨ ᠰᠢᠢᠳᠪᠣᠷᠢᠯᠡᠬᠦ  ᠰᠢᠯᠭᠠᠯᠲᠠ ᠶᠢᠨ  ᠲᠠᠯᠠᠪᠠᠶ  ᠵᠡᠷᠭᠡ ᠶᠢ  ᠬᠠᠨᠳᠤᠯᠭᠠᠲᠤ  ᠴᠢᠨᠠᠷᠲᠠᠶ ᠪᠠᠷ  ᠲᠣᠬᠢᠷᠠᠭᠤᠯᠵᠤ  ᠪᠣᠯᠤᠨ᠎ᠠ᠃  ᠪᠣᠳᠠᠲᠠᠶ ᠲᠥᠰᠦᠯ ᠢ ᠬᠠᠷᠢᠶ᠎ᠠ ᠣᠷᠣᠨ ᠠᠴᠠ ᠪᠣᠳᠠᠲᠠᠶ ᠲᠠᠢ ᠪᠠᠨ ᠤᠶᠠᠯᠳᠤᠭᠤᠯᠤᠨ ᠲᠣᠭᠲᠠᠭᠠᠨ᠎ᠠ ᠭᠡᠵᠡᠢ᠃               2023 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ 2022 ᠣᠨ ᠤ 12 ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ ᠶᠠᠪᠤᠭᠳᠠᠨ᠎ᠠ᠃
ᠢᠷᠡᠯᠲᠡ᠄ ᠠᠷᠠᠳ ᠤᠨ ᠰᠦᠯᠵᠢᠶ᠎ᠡ