ᠦᠨᠳᠦᠰᠦᠨ ᠠᠩᠭᠢ ᠶᠢᠨ ᠰᠤᠷᠤᠭᠴᠢ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ 2 ᠰᠤᠷᠤᠯᠭ᠎ᠠ ᠶᠢᠨ ᠬᠤᠪᠢ ᠶᠢ ᠰᠤᠷᠴᠦ ᠪᠠᠷᠠᠪᠠᠯ ᠰᠠᠶ᠋ᠢ ᠲᠡᠭᠦᠰᠴᠦ ᠪᠣᠯᠤᠨ᠎ᠠ︕
ᠨᠡᠶᠢᠲᠡᠯᠡᠭᠰᠡᠨ ᠴᠠᠭ᠄
2023/5/6
      ᠰᠤᠷᠭᠠᠨ  ᠬᠥᠮᠦᠵᠢᠯ ᠤᠨ  ᠶᠠᠮᠤᠨ ᠤ  ᠰᠦᠯᠵᠢᠶ᠎ᠡ ᠶᠢᠨ  ᠮᠡᠳᠡᠭᠡ ᠶᠢ   ᠦᠨᠳᠦᠰᠦᠯᠡᠪᠡᠯ᠂   ᠳᠡᠭᠡᠳᠦ   ᠵᠡᠷᠭᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ  ᠵᠢᠭᠠᠨ  ᠰᠤᠷᠭᠠᠯᠲᠠ ᠶᠢᠨ  ᠥᠭᠡᠷᠡᠴᠢᠯᠡᠯᠲᠡ ᠶᠢ  ᠭᠦᠨᠵᠡᠭᠡᠶᠢᠷᠡᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ  ᠬᠢᠴᠢᠶᠡᠯ ᠤᠨ  ᠪᠠᠶᠢᠭᠤᠯᠤᠯᠲᠠ ᠶᠢ  ᠴᠢᠩᠭᠠᠳᠬᠠᠨ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ︽ᠳᠡᠭᠡᠳᠦ ᠵᠡᠷᠭᠡ ᠶᠢᠨ  ᠰᠤᠷᠭᠠᠭᠤᠯᠢ ᠶᠢᠨ  ᠣᠯᠠᠨ  ᠨᠡᠶᠢᠲᠡ ᠶᠢᠨ  ᠤᠷᠠᠯᠢᠭ ᠤᠨ  ᠬᠢᠴᠢᠶᠡᠯ ᠤᠨ  ᠵᠢᠯᠣᠭᠤᠳᠬᠤ ᠬᠥᠲᠥᠯᠪᠦᠷᠢ︾ ︵ᠳᠣᠷᠣᠭᠰᠢ ︽ᠬᠥᠲᠥᠯᠪᠦᠷᠢ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃               ︽ᠬᠥᠲᠥᠯᠪᠦᠷᠢ︾ ᠳᠤ ᠵᠢᠭᠠᠵᠤ ᠭᠠᠷᠭᠠᠭᠰᠠᠨ ᠨᠢ᠂  ᠣᠯᠠᠨ  ᠨᠡᠶᠢᠲᠡ ᠶᠢᠨ  ᠤᠷᠠᠯᠢᠭ ᠤᠨ  ᠬᠢᠴᠢᠶᠡᠯ  ᠪᠣᠯ  ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ  ᠬᠢᠴᠢᠶᠡᠯ ᠤᠨ  ᠰᠢᠰᠲ᠋ᠧᠮ ᠤᠨ  ᠴᠢᠬᠤᠯᠠ  ᠪᠦᠷᠢᠯᠳᠦᠬᠦᠨ  ᠬᠡᠰᠡᠭ ᠮᠦᠨ᠂ ᠰᠤᠷᠭᠠᠭᠤᠯᠢ ᠶᠢᠨ ᠤᠷᠠᠯᠢᠭ ᠤᠨ ᠰᠤᠷᠭᠠᠨ ᠬᠥᠮᠦᠵᠢᠯ ᠤᠨ ᠠᠵᠢᠯ ᠤᠨ ᠭᠤᠤᠯ ᠵᠠᠩᠭᠢᠯᠠᠭ᠎ᠠ ᠮᠥᠨ᠂ ᠭᠤᠸ᠎ᠠ  ᠰᠠᠶᠢᠬᠠᠨ ᠤ ᠬᠥᠮᠦᠵᠢᠯ ᠬᠢᠬᠦ ᠭᠤᠤᠯ ᠠᠷᠭ᠎ᠠ ᠵᠠᠮ ᠮᠥᠨ᠂ ᠮᠠᠰᠢ ᠴᠢᠩᠭ᠎ᠠ ᠦᠵᠡᠯ ᠤᠬᠠᠮᠰᠠᠷ ᠤᠨ ᠬᠡᠯᠪᠡᠷᠢ ᠶᠢᠨ ᠰᠢᠨᠵᠢ ᠴᠢᠨᠠᠷ ᠲᠠᠢ ᠪᠠᠶᠢᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠵᠥᠪ  ᠲᠡᠦᠬᠡ ᠶᠢᠨ  ᠦᠵᠡᠯᠲᠡ᠂  ᠦᠨᠳᠦᠰᠦᠲᠡᠨ ᠤ  ᠦᠵᠡᠯᠲᠡ᠂  ᠤᠯᠤᠰ ᠤᠨ ᠦᠵᠡᠯᠲᠡ᠂ ᠰᠣᠶᠣᠯ ᠤᠨ ᠦᠵᠡᠯᠲᠡ ᠲᠠᠢ ᠪᠣᠯᠭᠠᠵᠤ᠂  ᠰᠤᠷᠤᠭᠴᠢᠳ ᠤᠨ  ᠭᠤᠸ᠎ᠠ  ᠰᠠᠶᠢᠬᠠᠨ ᠤ  ᠲᠠᠭᠠᠰᠢᠶᠠᠯ  ᠪᠠ  ᠬᠥᠮᠦᠨ ᠨᠡᠶᠢᠭᠡᠮ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠵᠦ᠂ ᠪᠦᠷᠢᠨ ᠲᠡᠭᠦᠯᠳᠡᠷ ᠵᠠᠩ ᠠᠷᠠᠨᠰᠢᠨ ᠢ ᠪᠣᠶ ᠪᠣᠯᠭᠠᠬᠤ ᠳᠤ ᠣᠷᠣᠯᠠᠭᠤᠯᠵᠤ ᠪᠣᠯᠤᠰᠢ ᠥᠬᠡᠶ ᠦᠨ᠎ᠡ ᠥᠷᠲᠡᠭ ᠪᠠ ᠣᠶᠢᠯᠡᠳᠣᠯ ᠲᠠᠢ ᠶᠤᠮ ᠭᠡᠵᠡᠢ᠃              ︽ᠬᠥᠲᠥᠯᠪᠦᠷᠢ︾ ᠳᠤ ᠱᠠᠭᠠᠷᠳᠠᠭᠰᠠᠨ ᠨᠢ᠂ ᠬᠥᠮᠦᠨ  ᠪᠦᠬᠦᠨ ᠳᠤ  ᠬᠠᠨᠳᠤᠭᠤᠯᠤᠭᠰᠠᠨ  ᠬᠢᠴᠢᠶᠡᠯ ᠤᠨ  ᠲᠠᠩᠬᠢᠮ ᠤᠨ ᠵᠢᠭᠠᠨ  ᠰᠤᠷᠭᠠᠯᠲᠠ  ᠪᠠ  ᠤᠷᠠᠯᠢᠭ ᠤᠨ  ᠣᠶᠢᠯᠡᠳᠣᠯᠭᠡ  ᠶᠢᠨ  ᠠᠵᠢᠯᠯᠠᠭ᠎ᠠ ᠶᠢ  ᠬᠠᠷᠢᠯᠴᠠᠨ  ᠤᠶᠠᠯᠳᠤᠭᠤᠯᠤᠭᠰᠠᠨ   ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ ᠰᠢᠰᠲ᠋ᠧᠮ ᠢ ᠪᠠᠶᠢᠭᠤᠯᠵᠤ᠂ ᠣᠯᠠᠨ ᠨᠡᠶᠢᠲᠡ ᠶᠢᠨ  ᠤᠷᠠᠯᠢᠭ ᠤᠨ  ᠬᠢᠴᠢᠶᠡᠯ ᠢ  ᠡᠯ᠎ᠡ ᠲᠤᠰᠬᠠᠶ ᠮᠡᠷᠭᠡᠵᠢᠯ ᠤᠨ ᠦᠨᠳᠦᠰᠦᠨ ᠠᠩᠭᠢ ᠶᠢᠨ ᠴᠢᠳᠠᠪᠤᠷᠢᠲᠠᠨ  ᠬᠥᠮᠦᠵᠢᠭᠦᠯᠬᠦ  ᠲᠥᠰᠦᠯ ᠳᠤ  ᠣᠷᠣᠭᠤᠯᠵᠤ᠂  ᠰᠤᠷᠤᠭᠴᠢᠳ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠭᠡᠬᠦ 2 ᠰᠤᠷᠤᠯᠭ᠎ᠠ ᠶᠢᠨ ᠬᠤᠪᠢ ᠪᠠᠨ  ᠭᠦᠢᠴᠡᠳ  ᠰᠤᠷᠪᠠᠯ  ᠰᠠᠶ᠋ᠢ  ᠲᠡᠭᠦᠰᠴᠦ ᠪᠣᠯᠤᠨ᠎ᠠ᠃ ᠬᠢᠴᠢᠶᠡᠯ ᠤᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠸ᠎ᠠ ᠲᠠᠭᠠᠰᠢᠶᠠᠯ ᠪᠠ ᠬᠥᠮᠦᠨ  ᠨᠡᠶᠢᠭᠡᠮ ᠤᠨ ᠬᠡᠪ ᠪᠣᠯᠪᠠᠰᠤᠷᠠᠯ ᠢ ᠬᠥᠮᠦᠵᠢᠭᠦᠯᠬᠦ ᠪᠠᠷ ᠭᠤᠤᠯ ᠪᠣᠯᠭᠠᠨ᠂ ᠰᠢᠨ᠎ᠡ ᠶᠢ ᠡᠭᠦᠳᠬᠦ ᠴᠢᠳᠠᠪᠤᠷᠢ ᠶᠢ  ᠬᠥᠮᠦᠵᠢᠭᠦᠯᠬᠦ ᠪᠠᠷ  ᠭᠤᠤᠯᠳᠠᠯᠭ᠎ᠠ ᠪᠣᠯᠭᠠᠵᠤ᠂  ᠰᠣᠶᠣᠯ ᠤᠨ  ᠣᠶᠢᠯᠠᠭᠠᠯᠲᠠ᠂  ᠭᠤᠸ᠎ᠠ  ᠲᠠᠭᠠᠰᠢᠶᠠᠯ ᠤᠨ  ᠮᠡᠳᠡᠷᠡᠮᠵᠢ᠂  ᠤᠷᠠᠯᠢᠭ ᠤᠨ  ᠢᠯᠡᠷᠡᠯ᠂  ᠪᠦᠲᠦᠭᠡᠯᠴᠢ ᠦᠢᠯᠡᠳᠦᠯᠭᠡ  ᠵᠡᠷᠭᠡ  ᠭᠤᠤᠯᠯᠠᠬᠤ  ᠬᠡᠪ  ᠪᠣᠯᠪᠠᠰᠤᠷᠠᠯ ᠢ  ᠬᠦᠴᠦᠯᠡᠨ  ᠳᠡᠭᠡᠭᠰᠢᠯᠡᠭᠦᠯᠵᠦ᠂  ︽ᠨᠢᠭᠡ   ᠰᠤᠷᠭᠠᠭᠤᠯᠢ   ᠨᠢᠭᠡ ᠣᠶᠢᠯᠡᠳᠬᠦᠨ ᠲᠠᠢ︾ ︽ᠨᠢᠭᠡ ᠰᠤᠷᠭᠠᠭᠤᠯᠢ  ᠣᠯᠠᠨ  ᠣᠶᠢᠯᠡᠳᠬᠦᠨ ᠲᠠᠢ︾  ᠳᠡᠭᠡᠳᠦ  ᠵᠡᠷᠭᠡ ᠶᠢᠨ  ᠰᠤᠷᠭᠠᠭᠤᠯᠢ ᠶᠢᠨ  ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠰᠢᠨ᠎ᠡ ᠪᠠᠶᠢᠳᠠᠯ ᠢ ᠪᠣᠶ ᠪᠣᠯᠭᠠᠨ᠎ᠠ᠃
ᠢᠷᠡᠯᠲᠡ᠄ ᠠᠷᠠᠳ ᠤᠨ ᠰᠦᠯᠵᠢᠶ᠎ᠡ